ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠶ᠎ᠡ
ᠨᠡᠶᠢᠲᠡᠯᠡᠭᠰᠡᠨ ᠴᠠᠭ᠄
2024/12/6
    ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠲᠠᠢ ᠬᠠᠮᠲᠤᠷᠠᠨ ︽ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢᠨ ᠰᠣᠷᠤᠭᠴᠢ ᠶᠢᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠱᠠᠲᠤᠨ ᠤ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠴᠢᠩᠭ᠎ᠠ ᠠᠳᠬᠤᠬᠤ ᠲᠤᠬᠠᠢ ᠮᠡᠳᠡᠭᠳᠡᠯ︾ ︵ᠤᠭ ᠵᠣᠬᠢᠶᠠᠯ ᠢ ᠲᠣᠪᠴᠢᠳᠠᠨ ᠦᠵᠡᠭᠡᠷᠡᠢ︶ ᠢ ᠳᠠᠷᠤᠮᠠᠯᠯᠠᠨ ᠲᠠᠷᠬᠠᠭᠠᠵᠤ᠂ ᠰᠡᠷᠭᠡᠶᠢᠯᠡᠨ ᠡᠵᠡᠮᠳᠡᠬᠦ ᠪᠣᠭᠤᠮᠲᠠ ᠶᠢ ᠠᠬᠢᠭᠤᠯᠵᠤ᠂ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠱᠠᠲᠤᠨ ᠤ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠵᠤ᠂ ᠬᠡᠦᠬᠡᠳ ᠪᠠ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠣᠶᠢᠷ᠎ᠠ ᠬᠠᠷᠠᠭ᠎ᠠ ᠲᠠᠢ ᠪᠣᠯᠬᠤ ᠶᠢ ᠪᠦᠲᠦᠮᠵᠢᠲᠡᠢ ᠪᠠᠭᠠᠰᠬᠠᠬᠤ ᠬᠡᠷᠡᠭᠲᠡᠢ ᠭᠡᠵᠦ ᠱᠠᠭᠠᠷᠳᠠᠪᠠ᠃    ᠣᠶᠢᠷ᠎ᠠ ᠬᠠᠷᠠᠭ᠎ᠠ ᠶᠢ ᠶᠠᠭᠠᠬᠢᠵᠤ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠬᠦ ᠪᠤᠢ︖ ᠬᠡᠦᠬᠡᠳ ᠤᠨ ᠣᠶᠢᠷ᠎ᠠ ᠬᠠᠷᠠᠭ᠎ᠠ ᠶᠢ ᠶᠠᠭᠠᠬᠢᠬᠤ ᠪᠤᠢ︖ ᠤᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠪᠣᠳᠠᠲᠤ ᠠᠷᠭ᠎ᠠ ᠶᠢ ᠪᠠᠭᠰᠢ ᠪᠣᠯᠤᠨ ᠭᠡᠷ ᠤᠨ ᠠᠬᠠᠮᠠᠳ ᠬᠤᠷᠢᠶᠠᠨ ᠠᠪᠴᠤ ᠦᠵᠡᠭᠡᠷᠡᠢ᠃
1.png
2.png
3.png
4.png
5.png
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ