ᠵᠠᠯᠠᠨ ᠠᠶᠢᠯ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠢ ᠬᠥᠯᠥᠨ ᠪᠤᠶᠢᠷ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠵᠠᠷᠯᠠᠨ ᠰᠠᠶᠢᠰᠢᠶᠠᠪᠠ
ᠨᠡᠶᠢᠲᠡᠯᠡᠭᠰᠡᠨ ᠴᠠᠭ᠄
2024/2/7
    ᠣᠶᠢᠷ᠎ᠠ ᠳᠤ᠂ ᠵᠠᠯᠠᠨ ᠠᠶᠢᠯ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠵᠠᠰᠠᠭ ᠤᠨ ᠣᠷᠳᠣᠨ ᠤ ᠬᠤᠳᠠᠯᠳᠤᠨ‌ᠠᠪᠬᠤ‌ᠠᠵᠢᠯ ᠢ ᠬᠤᠲᠠ ᠶᠢᠨ ᠲᠣᠪᠴᠢᠶ᠎ᠠ ᠶᠢᠨ ᠵᠠᠷᠯᠠᠨ ᠰᠠᠶᠢᠰᠢᠶᠠᠭᠰᠠᠨ ᠪᠠᠶᠢᠨ᠎ᠠ᠃    ᠵᠠᠷᠯᠠᠯ ᠳᠤ ᠢᠯᠡᠷᠡᠭᠦᠯᠦᠭᠰᠡᠨ ᠢᠶᠠᠷ᠂ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠨᠢ ᠠᠯᠤᠰ ᠠᠴᠠ ᠣᠨᠳᠣᠤ ᠭᠠᠵᠠᠷ ᠲᠤ ᠳᠠᠭᠠᠭᠠᠴᠢᠯᠠᠯᠲᠠ ᠦᠨᠡᠯᠡᠬᠦ ᠲᠠᠯ᠎ᠠ ᠪᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠲᠠᠯ᠎ᠠ ᠪᠠᠷ᠂ ᠭᠡᠷ᠎ᠡ ᠪᠠᠷ ᠪᠠᠯᠠ ᠲᠣᠬᠢᠷᠠᠭᠤᠯᠬᠤ ᠶᠢ ᠳᠡᠮᠵᠢᠬᠦ ᠲᠠᠯ᠎ᠠ ᠪᠠᠷ ᠴᠥᠮ ᠲᠣᠪᠤᠶᠢᠮ᠎ᠠ ᠢᠯᠡᠷᠡᠯ ᠲᠠᠢ ᠪᠠᠶᠢᠨ᠎ᠠ᠃     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠲᠠᠯ᠎ᠠ ᠪᠠᠷ ︽832︾ ᠲᠠᠪᠴᠠᠩ ᠤᠨ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠬᠤᠳᠠᠯᠳᠤᠨ ᠠᠪᠬᠤ ᠠᠵᠢᠯ ᠳᠤ᠂ 2023 ᠣᠨ ᠳᠤ 10.52 ᠲᠦᠮᠡᠨ ᠲᠥᠭᠦᠷᠢᠭ ᠤᠨ ᠬᠤᠪᠢ ᠶᠢ ᠤᠷᠢᠳᠴᠢᠯᠠᠨ ᠦᠯᠡᠳᠡᠭᠡᠵᠦ᠂ ᠤᠷᠢᠳᠴᠢᠯᠠᠨ ᠦᠯᠡᠳᠡᠭᠡᠭᠰᠡᠨ ᠬᠤᠪᠢ ᠶᠢ ᠪᠡᠶᠡᠯᠡᠭᠦᠯᠦᠭᠰᠡᠨ ᠬᠠᠷᠢᠴᠠᠯ 102% ᠲᠤ ᠬᠦᠷᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠴᠢᠨᠠᠷ ᠰᠠᠶᠢᠲᠠᠢ ᠪᠣᠯᠬᠤ ᠳᠤ ᠬᠦᠴᠦᠨ ᠨᠡᠮᠡᠷᠢᠯᠡᠪᠡ᠃ ᠳᠤᠮᠳᠠ ᠵᠢᠵᠢᠭ ᠠᠵᠤ ᠠᠬᠤᠶᠢᠯᠠᠯ ᠤᠨ ᠭᠡᠷ᠎ᠡ ᠪᠠᠷ ᠪᠠᠯᠠ ᠲᠣᠬᠢᠷᠠᠭᠤᠯᠬᠤ ᠶᠢ ᠳᠡᠮᠵᠢᠬᠦ ᠳᠤᠮᠳᠠ ᠨᠡᠶᠢᠲᠡ 175 ᠲᠦᠮᠡᠨ ᠲᠥᠭᠦᠷᠢᠭ ᠤᠨ ᠪᠠᠯᠠ ᠲᠣᠬᠢᠷᠠᠭᠤᠯᠭ᠎ᠠ ᠬᠢᠵᠦ᠂ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠠᠯᠢ ᠣᠯᠠᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠪᠠ᠃    ᠲᠠᠷᠠᠭᠠᠴᠢ ᠶᠢᠨ ᠠᠯᠬᠤᠮ ᠳᠤ᠂ ᠵᠠᠯᠠᠨ ᠠᠶᠢᠯ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠵᠠᠰᠠᠭ ᠤᠨ ᠣᠷᠳᠣᠨ ᠤ ᠬᠤᠳᠠᠯᠳᠤᠨ ᠠᠪᠬᠤ ᠡᠯ᠎ᠡ ᠲᠠᠯ᠎ᠠ ᠶᠢᠨ ᠠᠵᠢᠯ ᠳᠤ ᠦᠷᠭᠦᠯᠵᠢᠯᠡᠨ ᠨᠠᠩ ᠶᠡᠭᠡ ᠬᠦᠴᠦᠨ ᠴᠢᠳᠠᠯ ᠢᠶᠠᠨ ᠪᠠᠳᠠᠷᠠᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢᠨ ᠴᠢᠳᠠᠮᠵᠢ ᠶᠢ  ᠭᠦᠢᠴᠡᠳ ᠪᠠᠳᠠᠷᠠᠭᠤᠯᠵᠤ᠂ ᠠᠵᠤ ᠠᠬᠤᠶ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠨ᠎ᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ