ᠬᠤᠲᠠ ᠶᠢᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ ᠪᠠᠶᠠᠷ ᠤᠨ ᠡᠳᠦᠷ ᠠᠴᠠ ᠡᠮᠦᠨᠡᠬᠢ ᠠᠶᠤᠯᠭᠦᠶ  ᠦᠢᠯᠡᠳᠪᠦᠷᠢᠯᠡᠯ ᠢ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/2/7
    2024 ᠣᠨ ᠤ ᠴᠠᠭᠠᠨ ᠰᠠᠷ᠎ᠠ ᠤᠳᠠᠯ ᠥᠬᠡᠶ ᠬᠦᠷᠴᠦ ᠢᠷᠡᠬᠦ ᠭᠡᠵᠦ ᠪᠠᠶᠢᠨ᠎ᠠ᠂ ᠵᠢᠯ ᠤᠨ ᠡᠴᠦᠰ ᠵᠢᠯ ᠤᠨ ᠡᠬᠢᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠪᠠᠶᠠᠷ ᠬᠥᠷ ᠲᠠᠢ ᠠᠮᠤᠷ ᠠᠮᠤᠭᠤᠯᠠᠩ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 1 ᠰᠠᠷ᠎ᠠ ᠶᠢᠨ 31 ᠤ ᠡᠳᠦᠷ᠂ ᠵᠠᠯᠠᠨ ᠠᠶᠢᠯ ᠤᠨ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠠᠶᠠᠷ ᠤᠨ ᠡᠳᠦᠷ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠪᠦᠯᠬᠦᠮ ᠳᠠᠭᠠᠭᠤᠯᠤᠨ ᠬᠤᠷᠠᠯ ᠤᠨ ᠬᠡᠷ᠂ ᠮᠠᠰᠢᠨ ᠤ ᠥᠷᠥᠭᠡ᠂ ᠭᠠᠯ ᠤᠨᠲᠠᠷᠠᠭᠠᠭᠤᠷ ᠵᠡᠷᠭᠡ ᠶᠡᠭᠡ ᠴᠢᠳᠠᠮᠵᠢ ᠲᠠᠢ ᠴᠠᠬᠢᠯᠭᠠᠨ ᠬᠡᠷᠡᠭᠯᠡᠭᠰᠡᠨ ᠪᠠᠶᠢᠳᠠᠯ᠂ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ ᠲᠣᠪᠴᠢᠶᠠᠨ ᠤ ᠪᠠᠶᠢᠭᠤᠯᠤᠯᠭ᠎ᠠ ᠶᠢᠨ ᠡᠯ᠎ᠡ ᠰᠠᠯᠠᠭ᠎ᠠ ᠲᠠᠰᠤᠭ ᠲᠤ ᠭᠦᠨᠵᠡᠭᠡᠶᠢᠷᠡᠨ ᠴᠠᠬᠢᠯᠭᠠᠨ ᠬᠡᠷᠡᠭᠰᠡᠯ ᠤᠨ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠵᠤ᠂ ᠬᠠᠭᠤᠴᠢᠷᠠᠬᠤ ᠪᠠ ᠡᠪᠳᠡᠷᠡᠵᠦ ᠰᠦᠢᠳᠦᠭᠰᠡᠨ ᠥᠬᠡᠶ ᠵᠠᠮ ᠱᠤᠭᠤᠮ ᠢ ᠦᠨᠡᠨᠬᠦ ᠪᠠᠲᠤᠯᠠᠵᠤ᠂ ᠣᠯᠵᠤ ᠮᠡᠳᠡᠭᠰᠡᠨ ᠠᠰᠠᠭᠤᠳᠠᠯ ᠪᠠ ᠠᠮᠤᠷ ᠲᠦᠪᠰᠢᠨ ᠤ ᠳᠠᠯᠳᠠ ᠬᠡᠮ ᠤᠨ ᠲᠤᠬᠠᠶ ᠶᠢᠨ ᠲᠠᠯᠠᠪᠤᠷ ᠲᠤ ᠵᠢᠭᠠᠵᠤ ᠭᠠᠷᠭᠠᠬᠤ ᠶᠢᠨ ᠬᠠᠮᠲᠤ᠂ ᠠᠵᠢᠯ ᠤᠨ ᠱᠠᠭᠠᠷᠳᠠᠯᠭ᠎ᠠ ᠪᠠᠨ ᠨᠢᠭᠡᠳ ᠨᠢᠭᠡ ᠪᠠᠷ ᠳᠤᠷᠠᠳᠴᠤ᠂ ᠪᠥᠬᠦ ᠺᠠᠲᠡᠷ ᠠᠵᠢᠯᠲᠠᠨ ᠠᠵᠢᠯᠴᠢᠨ ᠢ ᠬᠥᠮᠦᠨ ᠨᠢ ᠶᠠᠪᠤᠪᠠᠯ ᠳ᠋ᠧᠩ ᠨᠢ ᠤᠨᠲᠠᠷᠠᠬᠤ᠂ ᠬᠥᠮᠦᠨ ᠨᠢ ᠶᠠᠪᠤᠪᠠᠯ ᠴᠠᠬᠢᠯᠭᠠᠨ ᠨᠢ ᠲᠠᠰᠤᠷᠠᠬᠤ᠂ ᠡᠯ᠎ᠡ ᠠᠯᠪᠠᠨ ᠬᠡᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭᠠᠲᠠᠨ ᠨᠠᠷ ᠡᠳᠦᠷ ᠪᠦᠷᠢ ᠠᠵᠢᠯ ᠠᠴᠠ ᠪᠠᠭᠤᠬᠤ ᠠᠴᠠ ᠡᠮᠦᠨ᠎ᠡ ᠠᠯᠪᠠᠨ ᠬᠡᠷ ᠤᠨ ᠴᠠᠬᠢᠯᠭᠠᠨ ᠴᠡᠨᠡᠭᠯᠡᠭᠦᠷ ᠢ ᠬᠡᠷᠡᠭᠯᠡᠬᠦ᠂ ᠺᠣᠮᠫᠢᠦ᠋ᠲ᠋ᠧᠷ ᠢ ᠬᠠᠭᠠᠬᠤ ᠵᠡᠷᠭᠡ ᠪᠠᠶᠢᠳᠠᠯ ᠳᠤ ᠵᠤᠷᠰᠢᠯ ᠤᠨ ᠴᠢᠨᠠᠷᠲᠠᠶ ᠠᠮᠤᠷ ᠲᠦᠪᠰᠢᠨ ᠤ ᠪᠠᠶᠢᠴᠠᠭᠠᠯᠲᠠ ᠬᠢᠬᠦ ᠶᠢ ᠱᠠᠭᠠᠷᠳᠠᠬᠤ ᠬᠡᠷᠡᠭᠲᠡᠶ᠃     ᠳᠠᠷᠠᠭᠠᠴᠢ ᠶᠢᠨ ᠠᠯᠬᠤᠮ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠠᠮᠤᠷ ᠲᠦᠪᠰᠢᠨ ᠤ ᠠᠳᠡᠯ ᠢ ᠤᠷᠢᠳᠴᠢᠯᠠᠨ ᠰᠡᠷᠭᠡᠶᠢᠯᠡᠬᠦ ᠠᠵᠢᠯ ᠢ ᠦᠨᠡᠨᠬᠦ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠰᠤᠭᠤᠴᠢᠨ ᠪᠠᠶᠢᠴᠠᠭᠠᠬᠤ ᠤᠳᠠᠭ᠎ᠠ ᠶᠢ ᠲᠠᠰᠤᠷᠠᠯᠳᠡ ᠦᠭᠡᠢ ᠨᠡᠮᠡᠭᠳᠡᠭᠦᠯᠵᠦ᠂ ᠪᠦᠬᠦ ᠺᠠᠲᠡᠷ ᠠᠵᠢᠯᠳᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠤ ᠢᠯᠠᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠨᠠᠮ᠂ ᠠᠷᠠᠳ ᠲᠦᠮᠡᠨ ᠳᠤ ᠦᠨᠡᠨᠴᠢ ᠰᠢᠳᠤᠷᠭᠤ ᠪᠠᠷ ᠬᠠᠷᠢᠭᠤᠴᠠᠬᠤ ᠣᠪᠣᠷ ᠢᠶᠠᠷ᠂ ᠬᠠᠷᠢᠭᠤᠴᠠᠯᠭ᠎ᠠ ᠡᠭᠦᠷᠭᠡᠯᠡᠯ ᠢᠶᠠᠨ ᠡᠭᠦᠷᠭᠡᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ‍ᠤ‌‍ᠰᠢᠰᠲᠧᠮ ᠤᠨ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠲᠤᠳᠬᠠᠬᠤ ᠬᠡᠷᠡᠭᠲᠡᠢ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ