ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠭᠠᠨ ᠰᠠᠷ᠎ᠠ ᠵᠢᠴᠢ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ  ᠲᠠᠮᠢᠷ ᠤᠨ ᠴᠤᠭᠯᠠᠭᠠᠨ︾ ᠤ ᠬᠤᠭᠤᠴᠠᠭᠠᠨ ᠳᠠᠬᠢ ︽ᠬᠤᠶᠠᠷ ᠦᠢᠯᠡᠳᠬᠦᠨ ᠨᠢᠭᠡ ᠪᠠᠭᠠᠵᠢ ᠵᠡᠪᠰᠡᠭ︾ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠰᠬᠠᠢ ᠪᠠᠶᠢᠴᠠᠭᠠᠯᠲᠠ ᠥᠷᠨᠢᠭᠦᠯᠵᠡᠢ
ᠨᠡᠶᠢᠲᠡᠯᠡᠭᠰᠡᠨ ᠴᠠᠭ᠄
2024/2/7
    ᠴᠠᠭᠠᠨ ᠰᠠᠷ᠎ᠠ ᠵᠢᠴᠢ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠵᠢᠨ‌‍ᠲ᠋ᠠᠮᠢᠷ ᠤᠨ ᠴᠤᠭᠯᠠᠭᠠᠨ︾  ᠤ ᠬᠤᠭᠤᠴᠠᠭᠠᠨ ᠳᠠᠬᠢ ︽ᠬᠤᠶᠠᠷ ᠦᠢᠯᠡᠳᠬᠦᠨ ᠨᠢᠭᠡ ᠪᠠᠭᠠᠵᠢ ᠵᠡᠪᠰᠡᠭ︾ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠪᠣᠳᠠᠲᠠᠶᠢᠵᠢᠭᠤᠯᠵᠤ᠂ ᠡᠮ ᠤᠨ ᠵᠤᠯᠤᠮᠴᠢᠯᠠᠬᠰᠠᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠶᠠᠲᠤ ᠣᠷᠣᠨ ᠤ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭᠯᠡᠯ ᠤᠨ ᠡᠳ᠋ ᠢ ᠡᠵᠡᠩᠨᠡᠨ ᠬᠡᠷᠡᠭᠯᠡᠬᠦ ᠨᠢᠭᠡᠴᠡ ᠳᠤ ᠪᠠᠶᠠᠷ ᠤᠨ ᠡᠳᠦᠷ ᠠᠴᠠ ᠡᠮᠦᠨᠡᠬᠢ ︽ᠬᠤᠶᠠᠷ  ᠵᠦᠢᠯ ᠳᠤ ᠨᠢᠭᠡ  ᠵᠦᠢᠯ ᠤᠨ ᠪᠠᠭᠠᠵᠢ ᠵᠡᠪᠰᠡᠭ ᠬᠡᠷᠡᠭᠯᠡᠬᠦ︾ ᠶᠢᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠵᠤ᠂ ᠪᠠᠶᠠᠷ ᠤᠨ ᠡᠳᠦᠷ ᠵᠢᠴᠢ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ  ᠲᠠᠮᠢᠷ ᠤᠨ ᠴᠤᠭᠯᠠᠭᠠᠨ︾  ᠤ ᠬᠤᠭᠤᠴᠠᠭᠠᠨ ᠳᠤ ᠣᠯᠠᠨ ᠲᠦᠮᠡᠨ ᠤ ᠬᠡᠷᠡᠭᠯᠡᠬᠦ ᠡᠮ ᠤᠨ ᠠᠮᠤᠷ ᠲᠦᠪᠰᠢᠨ ᠪᠥᠭᠡᠳ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃     ᠲᠣᠰ ᠤᠳᠠᠭᠠᠨ ᠤ ᠪᠠᠶᠢᠴᠠᠭᠠᠯᠲᠠ ᠶᠢ ᠣᠳᠣᠬᠠᠨ ᠳᠤ ᠶᠠᠭ ᠥᠷᠨᠢᠭᠦᠯᠵᠦ ᠪᠠᠶᠢᠭ᠎ᠠ ᠡᠮ ᠤᠨ ᠵᠦᠢᠯ ᠤᠨ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠲᠠᠢ ᠤᠶᠠᠯᠳᠤᠭᠤᠯᠤᠨ᠂ ᠭᠠᠯᠲᠤ ᠲᠡᠷᠭᠡᠨ ᠤ ᠥᠷᠲᠡᠭᠡ᠂ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ  ᠲᠠᠮᠢᠷ ᠤᠨ ᠴᠤᠭᠯᠠᠭᠠᠨ︾ ᠤ ᠵᠣᠴᠢᠯᠠᠬᠤ ᠪᠠᠭᠤᠳᠠᠯ᠂ ᠬᠤᠳᠠᠯᠳᠤᠭᠠᠨ ᠤ ᠲᠠᠯᠠᠪᠤᠷ ᠵᠡᠷᠭᠡ ᠬᠥᠮᠦᠨ ᠣᠯᠠᠨ ᠴᠤᠭᠯᠠᠷᠠᠳᠠᠭ ᠡᠮ ᠤᠨ ᠳᠡᠯᠭᠡᠭᠦᠷ᠂ ᠡᠮᠨᠡᠬᠦ ᠭᠠᠵᠠᠷ ᠵᠢᠴᠢ ᠵᠠᠰᠠᠯ ᠴᠢᠮᠡᠭ ᠤᠨ ᠡᠳ᠋ ᠤᠨ ᠲᠤᠰᠬᠠᠶ ᠡᠵᠡᠩᠨᠡᠯᠲᠡ ᠶᠢᠨ ᠳᠡᠯᠭᠡᠭᠦᠷ ᠵᠡᠷᠭᠡ ᠭᠤᠤᠯᠳᠠᠯᠭ᠎ᠠ ᠲᠠᠢ ᠲᠠᠯᠠᠪᠤᠷ ᠲᠤ ᠴᠢᠭᠯᠡᠭᠦᠯᠦᠨ᠂ ︽ᠬᠤᠶᠠᠷ  ᠵᠦᠢᠯ ᠤᠨ ᠡᠳ᠋ ᠨᠢᠭᠡ ᠵᠦᠢᠯ ᠤᠨ ᠪᠠᠭᠠᠵᠢ ᠵᠡᠪᠰᠡᠭ︾ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠪᠠ᠃ ᠡᠮ ᠤᠨ  ᠵᠦᠢᠯ ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ ᠲᠦᠭᠰᠢᠭᠦᠷᠢ ᠪᠠᠷ ᠶᠡᠭᠡ᠂ ᠳᠠᠯᠳᠠ ᠬᠡᠮ ᠶᠡᠬᠡᠲᠡᠶ ᠸᠠᠺᠼᠢᠨ᠂ ᠴᠢᠰᠤᠨ ᠤ ᠪᠦᠲᠦᠭᠡᠭᠳᠡᠬᠦᠨ᠂ ᠬᠥᠭᠡᠷᠦᠭᠦᠯᠬᠦ ᠡᠮ ᠠᠭᠤᠯᠤᠭᠰᠠᠨ ᠡᠮ ᠤᠨ  ᠵᠦᠢᠯ᠂ ᠣᠨᠴᠣᠭᠤᠶ ᠡᠮ ᠤᠨ  ᠵᠦᠢᠯ ᠤᠨ ᠨᠡᠶᠢᠯᠡᠮᠡᠯ ᠵᠣᠷ ᠠᠭᠤᠯᠤᠭᠰᠠᠨ ᠨᠠᠶᠢᠷᠠᠯᠲᠠ᠂ ᠬᠢᠲᠠᠳ ᠬᠡᠷᠴᠢᠮ ᠡᠮ᠂ ᠨᠢᠭᠡ ᠯᠡ ᠤᠳᠠᠭ᠎ᠠ ᠬᠡᠷᠡᠭᠯᠡᠬᠦ ᠰᠢᠩᠭᠡᠨ ᠶᠡᠭᠦᠯᠡᠭᠦᠷ ᠵᠡᠷᠭᠡ  ᠦᠢᠯᠡᠳᠬᠦᠨ ᠢᠶᠠᠷ ᠭᠤᠤᠯᠳᠠᠯᠭ᠎ᠠ ᠲᠠᠢ ᠪᠠᠶᠢᠴᠠᠭᠠᠬᠤ ᠡᠲᠡᠭᠡᠳ ᠢᠶᠠᠨ ᠪᠣᠯᠭᠠᠵᠤ᠂ ᠵᠠᠮ ᠰᠤᠪᠠᠭ ᠢᠶᠠᠷ ᠬᠤᠳᠠᠯᠳᠤᠨ ᠣᠷᠣᠭᠤᠯᠬᠤ᠂ ᠬᠠᠳᠠᠭᠠᠯᠠᠬᠤ ᠨᠥᠬᠦᠴᠡᠯ᠂ ᠲᠣᠤᠷ ᠰᠦᠯᠵᠢᠶ᠎ᠡ ᠪᠠᠷ ᠪᠣᠷᠣᠯᠠᠭᠤᠯᠬᠤ᠂ ᠠᠵᠢᠯ ᠡᠷᠭᠢᠯᠡᠬᠦ ᠡᠮ ᠨᠠᠶᠢᠷᠠᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠵᠡᠷᠭᠡ  ᠦᠢᠯᠡ ᠠᠵᠢᠯᠯᠠᠭ᠎ᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠷᠠᠭᠤᠯᠤᠨ᠎ᠠ᠃ ᠵᠠᠰᠠᠯ ᠴᠢᠮᠡᠭᠯᠡᠯ ᠤᠨ ᠡᠳ᠋ ᠢ ᠡᠵᠡᠩᠨᠡᠨ ᠬᠡᠷᠡᠭᠯᠡᠬᠦ ᠨᠢᠭᠡᠴᠢ ᠦᠰᠦ ᠪᠤᠳᠤᠬᠤ ᠴᠠᠶᠢᠷᠠᠭᠤᠯᠬᠤ ᠲᠣᠯᠪᠤ ᠶᠢ ᠠᠷᠢᠯᠭᠠᠬᠤ ᠲᠦᠷᠦᠯ ᠪᠠ ᠬᠡᠦᠬᠡᠳ ᠤᠨ ᠵᠠᠰᠠᠯ ᠴᠢᠮᠡᠭᠯᠡᠯ ᠤᠨ ᠡᠳ᠋ ᠵᠡᠷᠭᠡ ᠪᠠᠷ ᠭᠤᠣᠯᠳᠠᠯᠭ᠎ᠠ ᠲᠠᠢ ᠲᠦᠷᠦᠯ ᠵᠦᠢᠯ ᠪᠣᠯᠭᠠᠵᠤ᠂ ᠭᠡᠷᠡᠴᠢ ᠪᠠᠷᠢᠮᠲᠠ ᠠᠪᠤᠭᠰᠠᠨ ᠡᠰᠡᠬᠦ᠂ ᠭᠠᠳᠠᠭᠠᠳᠤ ᠠᠴᠠ ᠣᠷᠣᠭᠤᠯᠤᠭᠰᠠᠨ ᠵᠠᠰᠠᠯ ᠴᠢᠮᠡᠭᠯᠡᠯ ᠤᠨ ᠡᠳ᠋ ᠲᠤ ᠬᠢᠲᠠᠳ ᠦᠰᠦᠭ ᠤᠨ ᠱᠣᠰᠢᠭ᠎ᠠ ᠲᠡᠮᠳᠡᠭ ᠪᠠᠶᠢᠬᠤ ᠡᠰᠡᠬᠦ᠂ ᠵᠠᠰᠠᠯ ᠴᠢᠮᠡᠭᠯᠡᠯ ᠤᠨ ᠡᠳ᠋ ᠢ ᠪᠣᠷᠣᠯᠠᠭᠤᠯᠬᠤ ᠳᠠᠭᠠᠨ ᠬᠤᠭᠤᠴᠠᠭ᠎ᠠ ᠠᠴᠠ ᠬᠡᠲᠦᠷᠡᠭᠰᠡᠨ ᠡᠰᠡᠬᠦ ᠵᠢᠴᠢ ︽ᠨᠢᠭᠡ ᠨᠣᠮᠧᠷ ᠤᠨ ᠤᠯᠠᠨ ᠬᠡᠷᠡᠭᠴᠡᠭᠡ ᠲᠠᠢ︾ ᠪᠠᠶᠢᠬᠤ ᠡᠰᠡᠬᠦ ᠵᠡᠷᠭᠡ ᠦᠢᠯᠡ ᠠᠵᠢᠯᠯᠠᠭ᠎ᠠ ᠶᠢ ᠪᠠᠶᠢᠴᠠᠭᠠᠨ᠎ᠠ᠃     ᠳᠠᠷᠠᠭᠠᠴᠢ ᠶᠢᠨ ᠠᠯᠬᠤᠮ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠪᠠᠶᠠᠷ ᠤᠨ ᠡᠳᠦᠷ ᠤᠨ ᠬᠤᠭᠤᠴᠠᠭᠠᠨ ᠳᠠᠬᠢ ᠡᠮ ᠤᠨ ᠵᠦᠢᠯᠡᠰ ᠢ ᠵᠡᠪᠰᠡᠭᠵᠢᠭᠦᠯᠬᠦ ᠬᠦᠷᠢᠶᠡᠨ ᠳᠠᠬᠢ ᠠᠶᠤᠯ ᠲᠦᠭᠰᠢᠭᠦᠷᠢ ᠶᠢᠨ ᠬᠡᠮ ᠰᠣᠭᠤᠭ ᠢ ᠪᠠᠶᠢᠴᠠᠭᠠᠬᠤ ᠪᠠ ᠬᠠᠮᠢᠶᠠᠷᠤᠨ ᠡᠵᠡᠮᠳᠡᠬᠦ ᠡᠷᠴᠢᠮ ᠢᠶᠠᠨ ᠦᠷᠭᠦᠯᠵᠢᠯᠡᠨ ᠰᠠᠶᠢᠲᠤᠷ ᠠᠳᠬᠤᠵᠤ᠂ ᠥᠨᠳᠥᠷ ᠳᠠᠷᠤᠯᠲᠠᠲᠤ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠢ ᠢᠮᠠᠭᠲᠠ ᠪᠠᠷᠢᠮᠲᠠᠯᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠦᠷᠦᠯ ᠤᠨ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠳᠬᠡᠵᠦ᠂ ᠬᠤᠯᠪᠣᠭᠳᠠᠯ ᠪᠦᠬᠦᠢ ᠠᠵᠤ ᠠᠬᠤᠶᠢᠯᠠᠯ ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠱᠠᠯᠠᠪᠳᠠᠭᠤᠯᠵᠤ᠂ ᠬᠠᠤᠯᠢ ᠲᠣᠭᠲᠠᠭᠠᠯ ᠳᠤ ᠨᠡᠶᠢᠴᠡᠭᠦᠯᠦᠨ ᠡᠵᠡᠩᠨᠡᠯᠲᠡ ᠬᠡᠷᠡᠭᠯᠡᠯᠲᠡ ᠶᠢᠨ ᠠᠵᠢᠯᠯᠠᠭ᠎ᠠ ᠥᠷᠨᠢᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠡᠶᠡᠯᠡᠭᠦᠯᠵᠦ᠂ ︽ᠬᠤᠶᠠᠷ ᠦᠢᠯᠡᠳᠬᠦᠨ ᠨᠢᠭᠡ ᠵᠡᠪᠰᠡᠭ︾ ᠤᠨ ᠠᠮᠤᠷ ᠲᠦᠪᠰᠢᠨ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ᠂ ᠪᠦᠬᠦ ᠬᠤᠳᠠ ᠶᠢᠨ ᠠᠷᠠᠳ ᠲᠦᠮᠡᠨ ᠤ ᠠᠮᠤᠷ ᠠᠮᠤᠭᠤᠯᠠᠩ ᠥᠯᠵᠡᠢ ᠪᠡᠯᠭᠡ ᠲᠠᠢ ᠪᠠᠶᠠᠷ ᠤᠨ ᠡᠳᠦᠷ ᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ