ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠵᠦ ᠲᠣᠬᠤᠨᠢᠭᠤᠯᠬᠤ ᠳᠦᠷᠰᠦ ᠨᠡᠪᠲᠡᠷᠡᠭᠦᠯᠭᠡ ᠶᠢᠨ ᠠᠵᠢᠯᠯᠠᠭ᠎ᠠ — — ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︽ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/7
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠥᠮᠥᠡᠯᠢᠭ ᠲᠦᠭᠡᠮᠡᠯ ᠬᠠᠶᠢᠷ᠎ᠠ ᠪᠠᠨ ᠡᠷᠭᠦᠬᠦ︾ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ ᠶᠢᠨ ᠲᠥᠯᠥᠭᠡ᠂ 1 ᠰᠠᠷ᠎ᠠ ᠶᠢᠨ 23 ᠤ ᠡᠳᠦᠷ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︽ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾ ᠴᠠᠭᠠᠨ ᠰᠠᠷ᠎ᠠ ᠶᠢᠨ ᠪᠠᠶᠠᠷ ᠲᠤ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ     ︽ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠰᠢᠰᠲ᠋ᠧᠮ ᠤᠨ ᠵᠢᠯ ᠪᠦᠷᠢ ᠶᠢᠨ ᠪᠥᠬᠦ ᠣᠷᠣᠨ ᠤ ᠬᠡᠪᠴᠢᠶᠡᠨ ᠳᠤ ᠥᠷᠨᠢᠭᠦᠯᠵᠦ ᠪᠠᠶᠢᠭ᠎ᠠ ᠨᠢᠭᠡ ᠵᠦᠢᠯ ᠤᠨ ᠴᠠᠭᠠᠨ ᠰᠠᠷ᠎ᠠ ᠶᠢᠨ ᠬᠠᠶᠢᠷ᠎ᠠ ᠶᠢ ᠲᠣᠬᠤᠨᠢᠭᠤᠯᠵᠤ ᠠᠪᠤᠷᠠᠨ ᠲᠤᠰᠠᠯᠠᠬᠤ ᠠᠵᠢᠯᠯᠠᠭ᠎ᠠ ᠪᠣᠯᠤᠨ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠠᠮ ᠪᠠ ᠵᠠᠰᠠᠭ ᠤᠨ ᠣᠷᠳᠣᠨ ᠤ ᠬᠥᠮᠦᠯᠢᠭ ᠦᠵᠡᠯ ᠤᠨ ᠬᠦᠷᠢᠶᠡᠨ ᠳᠠᠬᠢ ᠬᠥᠭᠦᠷᠭᠡ ᠪᠠ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠬᠤ ᠪᠠᠷ ᠵᠣᠷᠢᠯᠭ᠎ᠠ ᠪᠣᠯᠭᠠᠵᠤ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ  ᠭᠦᠢᠴᠡᠳ ᠢᠯᠡᠷᠡᠭᠦᠯᠦᠭᠰᠡᠨ ᠪᠠᠶᠢᠨ᠎ᠠ᠃ ᠲᠤᠰ ᠤᠳᠠᠭ᠎ᠠ ᠶᠢᠨ ᠠᠵᠢᠯᠯᠠᠭ᠎ᠠ ᠳᠤ᠂ ᠵᠠᠯᠠᠨ ᠠᠶᠢᠯ ᠬᠤᠳᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠠᠴᠠ ᠪᠦᠬᠦ ᠬᠤᠳᠠ ᠶᠢᠨ 12 ᠰᠢᠶᠠᠩ ᠪᠠᠯᠭᠠᠰᠤ᠂ 7 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠦᠴᠢᠷᠳᠡᠯᠲᠡᠢ ᠤᠯᠠᠨ ᠲᠦᠮᠡᠨ ᠳᠤ ᠨᠡᠶᠢᠳᠡ 3000 ᠤᠭᠤᠲᠠ ᠲᠤᠲᠤᠷᠭ᠎ᠠ᠂ ᠴᠠᠭᠠᠨ ᠭᠤᠯᠢᠷ ᠲᠦᠭᠡᠭᠡᠵᠦ᠂ 30 ᠲᠦᠮᠡ ᠭᠠᠷᠤᠢ ᠲᠥᠭᠦᠷᠢᠭ ᠤᠨ ᠦᠷᠳᠡᠭ ᠲᠠᠢ᠂ ᠲᠦᠮᠡ ᠰᠢᠬᠠᠮ ᠬᠥᠮᠦᠨ ᠳᠤ ᠠᠰᠢᠭ ᠬᠦᠷᠲᠡᠭᠡᠵᠡᠢ᠃  ᠲᠠᠷᠠᠭᠠᠴᠢ ᠶᠢᠨ ᠠᠯᠬᠤᠮ ᠳᠤ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠬᠦᠴᠢᠷᠳᠡᠯᠲᠡᠶ ᠬᠠᠮᠲᠤᠯᠢᠭ ᠯᠤᠭ᠎ᠠ ᠶᠢᠨ ᠵᠠᠶ ᠶᠢ ᠤᠯᠠᠮ ᠨᠢᠭᠡ ᠠᠯᠬᠤᠮ ᠣᠶᠢᠷᠠᠲᠤᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠪᠠᠭᠤᠷᠠᠶ ᠬᠠᠮᠲᠤᠯᠢᠭ ᠢ ᠬᠠᠪᠰᠤᠷᠤᠨ ᠬᠦᠴᠢᠷ ᠵᠣᠪᠠᠭᠤᠷᠢ ᠶᠢ ᠨᠢ  ᠰᠢᠢᠳᠪᠦᠷᠢᠯᠡᠵᠦ᠂ ᠨᠡᠶᠢᠭᠡᠮ ᠳᠤ ᠢᠳᠡᠪᠬᠢ ᠬᠦᠴᠦᠨ ᠢ ᠤᠯᠠᠮᠵᠢᠯᠠᠨ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠥᠯᠥᠭᠡᠯᠡᠬᠦ ᠬᠦᠴᠦᠨ ᠢ ᠥᠷᠭᠡᠳᠬᠡᠵᠦ᠂ ᠨᠠᠮ ᠪᠠ ᠵᠠᠰᠠᠭ ᠤᠨ ᠣᠷᠳᠣᠨ ᠤ ᠣᠯᠠᠨ ᠲᠦᠮᠡᠨ ᠤ ᠰᠡᠳᠬᠢᠯ ᠵᠢᠷᠦᠬᠡᠨ ᠳᠠᠬᠢ ᠨᠢᠭᠲᠠᠷᠠᠯ ᠤᠨ ᠬᠦᠴᠦᠨ᠂ ᠲᠥᠪᠯᠡᠩᠭᠦᠶ ᠬᠦᠴᠦᠨ ᠢ ᠴᠢᠩᠭᠠᠷᠠᠭᠤᠯᠤᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ