ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/7
    ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠠᠬᠢᠭᠤᠯᠬᠤ ᠶᠢᠨ ᠲᠥᠯᠥᠭᠡ᠂ 1 ᠰᠠᠷ᠎ᠠ ᠶᠢᠨ 26 ᠤ ᠡᠳᠦᠷ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠨ ᠯᠢ ᠬᠤᠷᠠᠯ ᠡᠷᠭᠢᠯᠡᠵᠦ᠂ ᠪᠥᠬᠦ ᠺᠠᠲᠡᠷ ᠠᠵᠢᠯᠲᠠᠨ ᠠᠵᠢᠯᠴᠢᠨ ᠣᠷᠣᠯᠴᠠᠵᠠᠶ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠣᠯ ᠠᠵᠤ ᠠᠬᠤᠶ ᠶᠢ ᠳᠥᠯᠭᠢᠨ ᠠᠬᠢᠭᠤᠯᠬᠤ ᠬᠠᠮᠤᠭ ᠤᠨ ᠪᠦᠲᠦᠮᠵᠢᠲᠡᠶ᠂ ᠬᠠᠮᠤᠭ ᠤᠨ ᠰᠢᠭᠤᠳ᠂ ᠬᠠᠮᠤᠭ ᠤᠨ ᠳᠥᠭᠦᠮ ᠳᠥᠲᠡ ᠠᠷᠭ᠎ᠠ ᠪᠠᠷᠢᠯ ᠮᠥᠨ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠶ ᠲᠠᠨᠢᠵᠤ᠂ ᠬᠤᠳᠠᠯᠳᠤᠭᠠᠴᠢᠨ ᠤᠷᠢᠬᠤ ᠠᠷᠭ᠎ᠠ ᠮᠠᠶ᠋ᠢᠭ ᠤᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠬᠤᠳᠠᠯᠳᠤᠭᠠᠴᠢᠨ ᠤᠷᠢᠬᠤ ᠠᠷᠭ᠎ᠠ ᠵᠠᠮ ᠢ ᠥᠷᠭᠡᠳᠬᠡᠨ᠂ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠤᠨ ᠪᠠᠲᠤᠯᠠᠭ᠎ᠠ ᠶᠢ ᠴᠢᠩᠭᠠᠷᠠᠭᠤᠯᠬᠤ ᠬᠡᠷᠡᠭᠲᠡᠶ᠃    ᠬᠤᠷᠠᠯ ᠠᠴᠠ ᠱᠠᠭᠠᠷᠳᠠᠭᠰᠠᠨ ᠨᠢ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠪᠦᠬᠦ ᠺᠠᠲᠡᠷ ᠠᠵᠢᠯᠲᠠᠨ ᠠᠵᠢᠯᠴᠢᠨ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠠᠵᠢᠯ ᠤᠨ ᠦᠷ᠎ᠡ ᠪᠦᠲᠦᠮᠵᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠳᠠᠲᠠᠶ ᠠᠵᠢᠯᠯᠠᠨ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠢᠲᠡᠭᠡᠯ ᠵᠣᠷᠢᠭ ᠢ ᠪᠠᠲᠤᠳᠬᠠᠨ ᠰᠠᠶᠢᠲᠤᠷ ᠠᠳᠬᠤᠵᠤ᠂ ᠠᠷᠠᠯᠵᠢᠶᠠᠴᠢᠨ ᠤᠷᠢᠬᠤ ᠶᠢ ᠣᠶᠢᠯᠠᠭᠠᠵᠤ᠂ ᠠᠷᠠᠯᠵᠢᠶᠠᠴᠢᠨ ᠤᠷᠢᠬᠤ ᠶᠢ ᠳᠡᠮᠵᠢᠵᠦ᠂ ᠠᠷᠠᠯᠵᠢᠶᠠᠴᠢᠨ ᠤᠷᠢᠬᠤ ᠳᠤ ᠣᠷᠣᠯᠴᠠᠵᠤ᠂ ︽ᠬᠥᠮᠦᠨ ᠪᠣᠯᠭᠠᠨ ᠬᠤᠳᠠᠯᠳᠤᠭᠠᠴᠢᠨ ᠤᠷᠢᠬᠤ ᠭᠤᠣᠯ ᠴᠣᠭᠴᠠ ᠪᠣᠯᠵᠤ᠂ ᠬᠥᠮᠦᠨ ᠪᠣᠯᠭᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠰᠢᠯᠢᠳᠡᠭᠵᠢᠭᠦᠯᠬᠦ︾ ᠭᠦᠨ ᠵᠤᠵᠠᠭᠠᠨ ᠠᠭᠤᠷ ᠠᠮᠢᠰᠬᠤᠯ ᠢ ᠪᠤᠶ ᠪᠣᠯᠭᠠᠵᠤ᠂ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠢᠳᠡᠪᠬᠢᠲᠡᠶ ᠪᠠᠷ ᠬᠠᠷᠢᠯᠴᠠᠨ ᠵᠣᠯᠭᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠶᠢ ᠣᠶᠢᠯᠠᠭᠠᠬᠤ ᠪᠠ ᠡᠵᠡᠮᠰᠢᠵᠦ᠂ ᠰᠢᠨ᠎ᠡ ᠶᠢ ᠡᠭᠦᠳᠬᠦ ᠰᠡᠳᠬᠢᠮᠵᠢ ᠪᠠᠷ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠰᠠᠶᠢᠲᠤᠷ ᠠᠳᠬᠤᠵᠤ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠬᠠᠲᠠᠭᠤ ᠴᠢᠩᠭ᠎ᠠ ᠰᠤᠷᠲᠠᠯ᠂ ᠨᠠᠩ ᠬᠦᠴᠦᠲᠡᠶ ᠠᠷᠭ᠎ᠠ ᠬᠡᠮᠵᠢᠶ᠎ᠡ ᠪᠠᠷ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠰᠠᠶᠢᠲᠤᠷ ᠬᠢᠵᠦ ᠪᠣᠳᠠᠲᠠᠶᠢᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠵᠢᠯ ᠤᠨ ᠦᠷ᠎ᠡ ᠪᠦᠲᠦᠮᠵᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ