ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠠᠷᠠᠳ ᠤᠨ ᠡᠶᠡᠳᠡᠭᠦᠯᠭᠡ ᠶᠢᠨ ᠬᠡᠷᠡᠭ ᠤᠨ ᠡᠪᠬᠡᠮᠡᠯ ᠤᠨ ᠣᠨ ᠤ ᠦᠨᠡᠯᠡᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/2/7
    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠡᠶᠡᠳᠡᠭᠦᠯᠭᠡ ᠶᠢᠨ ᠬᠠᠤᠯᠢ︾ ᠶᠢ ᠭᠦᠨᠵᠡᠭᠡᠶ ᠲᠤᠤᠱᠯᠠᠭᠤᠯᠵᠤ᠂ ᠪᠥᠬᠦ ᠬᠤᠲᠠ ᠶᠢᠨ ᠠᠷᠠᠳ ᠤᠨ ᠡᠶᠡᠳᠡᠭᠦᠯᠭᠡ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 2024 ᠣᠨ ᠤ 1 ᠰᠠᠷ᠎ᠠ ᠳᠤ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ 2023 ᠣᠨ ᠤ ᠠᠷᠠᠳ ᠤᠨ ᠡᠶᠡᠳᠡᠭᠦᠯᠭᠡ ᠶᠢᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠢ ᠥᠷᠨᠢᠭᠦᠯᠪᠡ᠃    ᠲᠣᠰ ᠤᠳᠠᠭᠠᠨ ᠤ ᠠᠵᠢᠯ ᠨᠢ ᠠᠷᠠᠳ ᠤᠨ ᠡᠶᠡᠳᠡᠭᠦᠯᠭᠡ ᠶᠢᠨ ᠬᠡᠷᠡᠭ ᠤᠨ ᠨᠥᠬᠦᠪᠥᠷᠢ ᠶᠢ ᠮᠡᠳᠡᠭᠦᠯᠦᠭᠰᠡᠨ ᠬᠡᠷᠡᠭ ᠤᠨ ᠡᠪᠬᠡᠮᠡᠯ ᠳᠤ ᠴᠢᠭᠯᠡᠭᠦᠯᠦᠨ ᠪᠥᠬᠦ ᠲᠠᠯ᠎ᠠ ᠪᠠᠷ ᠦᠨᠡᠯᠡᠨ ᠪᠠᠶᠢᠴᠠᠭᠠᠯᠲᠠ ᠬᠢᠵᠦ᠂ ᠡᠪᠬᠡᠮᠡᠯ ᠢ ᠦᠵᠡᠬᠦ ᠶᠠᠪᠤᠴᠠ ᠳᠤ ︽ᠪᠥᠬᠦ ᠤᠯᠤᠰ ᠤᠨ ᠠᠷᠠᠳ ᠤᠨ ᠡᠶᠡᠳᠡᠭᠦᠯᠭᠡ ᠶᠢᠨ ᠠᠵᠢᠯ ᠤᠨ ᠵᠢᠷᠤᠮᠵᠢᠯ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ᠂ ᠲᠤᠬᠠᠶ ᠶᠢᠨ ᠬᠥᠮᠦᠨ ᠤ ᠪᠡᠶ᠎ᠡ ᠶᠢᠨ ᠭᠠᠷᠤᠯ ᠢ ᠭᠡᠷᠡᠴᠢᠯᠡᠬᠦ ᠮᠠᠲ᠋ᠧᠷᠢᠶᠠᠯ ᠨᠢ ᠪᠦᠷᠢᠨ  ᠭᠦᠢᠴᠡᠳ ᠪᠠᠶᠢᠬᠤ ᠡᠰᠡᠬᠦ᠂ ᠠᠷᠠᠳ ᠤᠨ ᠡᠶᠡᠳᠡᠭᠦᠯᠭᠡ ᠶᠢᠨ ᠬᠡᠷᠡᠭ ᠤᠨ ᠡᠪᠬᠡᠮᠡᠯ ᠤᠨ  ᠵᠦᠢᠯ ᠳᠤᠲᠠᠭᠳᠠᠵᠤ ᠪᠠᠶᠢᠬᠤ ᠡᠰᠡᠬᠦ᠂ ᠠᠭᠤᠯᠭ᠎ᠠ ᠨᠢ ᠵᠢᠷᠤᠮᠵᠢᠭᠤᠨ ᠪᠠᠶᠢᠬᠤ ᠡᠰᠡᠬᠦ ᠵᠡᠷᠭᠡ ᠲᠠᠯ᠎ᠠ ᠶᠢ ᠭᠤᠤᠯᠳᠠᠯᠭ᠎ᠠ ᠲᠠᠢ ᠦᠨᠡᠯᠡᠨ ᠪᠠᠶᠢᠴᠠᠭᠠᠨ᠎ᠠ᠃ ᠠᠵᠢᠯᠲᠠᠳ ᠣᠯᠵᠤ ᠮᠡᠳᠡᠭᠰᠡᠨ ᠠᠰᠠᠭᠤᠳᠠᠯ ᠢ ᠬᠤᠷᠢᠶᠠᠩᠭᠤᠶᠢᠯᠠᠨ ᠡᠮᠬᠢᠯᠡᠵᠦ᠂ ᠲᠣᠳᠣᠷᠬᠠᠶ ᠬᠠᠭᠤᠳᠠᠰᠤ ᠭᠠᠷᠭᠠᠨ᠂ ᠬᠤᠯᠪᠣᠭᠳᠠᠭᠰᠠᠨ ᠬᠠᠤᠯᠢ ᠴᠠᠭᠠᠵᠠ ᠶᠢᠨ ᠭᠠᠵᠠᠷ ᠲᠤ ᠬᠠᠷᠢᠭᠤ ᠲᠤᠰᠬᠠᠵᠤ᠂ ᠬᠠᠤᠯᠢ ᠴᠠᠭᠠᠵᠠ ᠶᠢᠨ ᠭᠠᠵᠠᠷ ᠠᠴᠠ ᠡᠶᠡᠳᠡᠭᠦᠯᠬᠦ ᠺᠣᠮᠢᠰ ᠤᠨ ᠡᠶᠡᠳᠡᠭᠦᠯᠭᠡ ᠶᠢᠨ ᠬᠡᠷᠡᠭ ᠤᠨ ᠡᠪᠬᠡᠮᠡᠯ ᠢ ᠵᠢᠯᠣᠭᠤᠳᠤᠨ ᠴᠡᠭᠴᠡᠯᠡᠨ ᠥᠭᠡᠷᠡᠴᠢᠯᠡᠵᠦ᠂ ᠡᠶᠢᠮᠦᠷᠬᠦ ᠠᠰᠠᠭᠤᠳᠠᠯ ᠳᠠᠬᠢᠨ ᠭᠠᠷᠬᠤ ᠠᠴᠠ ᠠᠯᠢ ᠴᠢᠳᠠᠬᠤ ᠪᠠᠷ ᠵᠠᠶᠢᠯᠠᠰᠬᠢᠨ᠎ᠡ     ᠲᠠᠷᠠᠭᠠᠴᠢ ᠶᠢᠨ ᠠᠯᠬᠤᠮ ᠳᠤ᠂ ᠵᠠᠯᠠᠨ ᠠᠶᠢᠯ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠠᠷᠠᠳ ᠤᠨ ᠡᠶᠡᠳᠡᠭᠦᠯᠭᠡ ᠶᠢᠨ ᠬᠡᠷᠡᠭ ᠤᠨ ᠡᠪᠬᠡᠮᠡᠯ ᠢ ᠵᠢᠯᠣᠭᠤᠳᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠳᠦᠷ ᠲᠤᠲᠤᠮ ᠤᠨ ᠬᠢᠨᠠᠨ ᠵᠢᠯᠣᠭᠤᠳᠴᠤ ᠪᠠᠶᠢᠴᠠᠭᠠᠬᠤ ᠲᠠᠢ ᠤᠶᠠᠯᠳᠤᠭᠤᠯᠤᠨ᠂ ᠠᠷᠠᠳ ᠤᠨ ᠡᠶᠡᠳᠡᠭᠦᠯᠭᠡ ᠶᠢᠨ ᠬᠡᠷᠡᠭ ᠤᠨ ᠡᠪᠬᠡᠮᠡᠯ ᠢ  ᠦᠢᠯᠡᠳᠬᠦ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠠᠷᠠᠳ ᠤᠨ ᠡᠶᠡᠳᠡᠭᠦᠯᠭᠡ ᠶᠢᠨ ᠠᠵᠢᠯ ᠤᠨ ᠵᠢᠷᠤᠮᠵᠢᠭᠤᠯᠤᠯᠲᠠ ᠂ ᠪᠠᠷᠢᠮᠵᠢᠶᠠᠵᠢᠭᠤᠯᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠠᠬᠢᠭᠤᠯᠤᠨ᠎ᠠ᠃  
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ