ᠴᠠᠢ ᠾᠧ ᠪᠠᠯᠭᠠᠰᠤ ᠪᠣᠯᠤᠨ ᠴᠣᠷᠰᠧᠨ ᠠᠵᠤ ᠦᠢᠯᠡᠳᠪᠦᠷᠢ ᠶᠢᠨ ᠺᠣᠮᠫᠠᠨᠢ ᠭᠤᠣᠯᠳᠠᠯᠭ᠎ᠠ ᠲᠠᠢ ᠲᠦᠷᠦᠯ ᠵᠦᠢᠯ ᠢ ᠵᠣᠯᠭᠠᠭᠤᠯᠬᠤ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/3/18
    3 ᠰᠠᠷ᠎ᠠ ᠶᠢᠨ 5 ᠤ ᠡᠳᠦᠷ᠂ ᠴᠣᠷᠰᠤᠨ ᠠᠵᠤ ᠦᠢᠯᠡᠳᠪᠦᠷᠢ ᠶᠢᠨ ᠺᠣᠮᠫᠠᠨᠢ ᠶᠢᠨ ᠣᠶ ᠰᠢᠭᠤᠶ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠭᠠᠵᠠᠷ ᠤᠨ ᠬᠠᠷᠢᠭᠤᠴᠠᠯᠭᠠᠲᠠᠨ ᠴᠠᠢ ᠾᠧ ᠪᠠᠯᠭᠠᠰᠤᠨ ᠳᠤ ᠭᠤᠤᠯᠳᠠᠯᠭ᠎ᠠ ᠲᠠᠢ ᠲᠥᠷᠥᠯ ᠵᠦᠢᠯ ᠢ ᠵᠣᠯᠭᠠᠭᠤᠯᠬᠤ ᠬᠤᠷᠠᠯ ᠥᠷᠨᠢᠭᠦᠯᠵᠦ᠂ ᠪᠠᠯᠭᠠᠰᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠪᠠᠯᠭᠠᠰᠤᠨ ᠤ ᠳᠠᠷᠤᠭ᠎ᠠ ᠶᠤᠸᠠᠨ ᠵᠢᠶ ᠴᠢᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠪᠠᠷ᠎ᠠ ᠪᠣᠯᠪᠠ᠃     ᠬᠤᠷᠠᠯ ᠳᠡᠭᠡᠷ᠎ᠡ᠂ ᠬᠠᠷᠢᠭᠤᠴᠠᠯᠭᠠᠲᠠᠨ ᠠᠴᠠ 2024 ᠣᠨ ᠤ ᠴᠣᠷᠰᠧᠨ ᠠᠵᠤ ᠦᠢᠯᠡᠳᠪᠦᠷᠢ ᠶᠢᠨ ᠺᠣᠮᠫᠠᠨᠢ ᠶᠢᠨ ᠵᠤᠭᠠᠴᠠᠯ ᠤᠨ ᠨᠡᠭᠡᠭᠡᠨ ᠬᠥᠭᠵᠢᠭᠦᠯᠦᠯᠲᠡ ᠶᠢᠨ ᠲᠦᠷᠦᠯ ᠵᠦᠢᠯ ᠤᠨ ᠪᠣᠳᠠᠲᠠᠢ ᠠᠭᠤᠯᠭ᠎ᠠ ᠪᠣᠯᠤᠨ  ᠬᠡᠪᠴᠢᠶ᠎ᠡ ᠶᠢ ᠲᠠᠨᠢᠯᠴᠠᠭᠤᠯᠵᠤ᠂ ᠬᠤᠶᠠᠷ ᠲᠠᠯ᠎ᠠ ᠪᠠᠷ ᠢᠶᠠᠨ ᠤᠨᠢᠷ ᠤᠢ ᠰᠢᠭᠤᠢ ᠶᠢᠨ ᠲᠠᠯᠠᠪᠠᠢ ᠶᠢᠨ ᠵᠤᠭᠠᠴᠠᠯ ᠤᠨ ᠨᠡᠭᠡᠭᠡᠨ ᠬᠥᠭᠵᠢᠭᠦᠯᠦᠯᠲᠡ᠂ ᠰᠢᠭᠤᠶᠢᠲᠤ ᠣᠷᠣᠨ ᠤ ᠵᠠᠮ ᠢ ᠰᠡᠯᠪᠢᠨ ᠵᠠᠰᠠᠬᠤ᠂ ᠨᠤᠷᠠᠬᠤ ᠠᠶᠤᠯᠲᠠᠢ ᠬᠥᠭᠦᠷᠭᠡ ᠶᠢ ᠥᠭᠡᠷᠡᠴᠢᠯᠡᠬᠦ ᠵᠡᠷᠭᠡ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠭᠠᠷ ᠭᠦᠢᠴᠡᠳᠬᠡᠯ ᠵᠢᠴᠢ ᠶᠠᠪᠤᠴᠠ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠠᠢ᠃     ᠬᠤᠷᠠᠯ ᠤᠨ ᠳᠠᠷᠠᠭ᠎ᠠ ᠵᠤᠭᠠᠴᠠᠭᠰᠠᠳ ᠤᠨ ᠦᠢᠯᠡᠴᠢᠯᠡᠭᠡᠨ ᠤ ᠲᠥᠪ ᠢ ᠲᠣᠭᠤᠷᠢᠨ ᠦᠵᠡᠵᠦ᠂ S204 ᠲᠠᠯ᠎ᠠ ᠶᠢᠨ ᠠᠭᠠᠷ ᠤᠨ ᠠᠶᠠᠯᠠᠯ ᠤᠨ ᠴᠢᠭᠯᠡᠯ ᠤᠨ ᠵᠤᠭᠠᠴᠠᠯ ᠤᠨ ᠨᠡᠭᠡᠭᠡᠨ ᠬᠥᠭᠵᠢᠭᠦᠯᠬᠦ ᠲᠦᠷᠦᠯ ᠵᠦᠢᠯ ᠤᠨ ᠣᠨᠴᠠᠯᠢᠭ ᠵᠢᠴᠢ ᠳᠠᠪᠠᠭᠤᠯᠢᠭ ᠢ ᠨᠠᠷᠢᠨ ᠣᠶᠢᠯᠠᠭᠠᠪᠠ᠃ ᠶᠤᠸᠠᠨ ᠵᠢᠶ ᠴᠢᠩ ᠢᠯᠡᠷᠬᠡᠶᠢᠯᠡᠬᠦ ᠳᠡᠭᠡᠨ᠂ ᠴᠠᠢ ᠾᠧ ᠪᠠᠯᠭᠠᠰᠤ ᠶᠢᠨ ᠬᠢᠨ ᠴᠣᠷᠰᠤᠨ ᠠᠵᠤ ᠦᠢᠯᠡᠳᠪᠦᠷᠢ ᠶᠢᠨ ᠺᠣᠮᠫᠠᠨᠢ ᠶᠢᠨ ᠵᠢᠭᠤᠯᠴᠢᠯᠠᠯ ᠤᠨ ᠨᠡᠭᠡᠭᠡᠨ ᠬᠥᠭᠵᠢᠭᠦᠯᠬᠦ  ᠵᠦᠢᠯᠡᠰ ᠢ ᠳᠥᠯᠭᠢᠨ ᠠᠬᠢᠭᠤᠯᠬᠤ ᠠᠵᠢᠯ ᠳᠤ ᠢᠳᠡᠪᠬᠢᠲᠡᠶ ᠬᠠᠮᠵᠢᠯᠴᠠᠵᠤ᠂ ᠭᠤᠤᠯᠳᠠᠯᠭ᠎ᠠ ᠲᠠᠢ  ᠵᠦᠢᠯᠡᠰ ᠲᠤ ᠴᠢᠭᠯᠡᠭᠦᠯᠦᠨ ᠡᠭᠦᠷᠭᠡ ᠶᠢᠨ ᠲᠣᠳᠣᠷᠬᠠᠶ ᠬᠠᠭᠤᠳᠠᠰᠤ ᠭᠠᠷᠭᠠᠵᠤ᠂ ᠳᠥᠯᠭᠢᠨ ᠠᠬᠢᠭᠤᠯᠬᠤ ᠠᠵᠢᠯ ᠤᠨ ᠴᠠᠭ ᠬᠤᠭᠤᠴᠠᠭ᠎ᠠ ᠶᠢ ᠲᠣᠭᠲᠠᠭᠠᠨ᠂ ᠬᠠᠷᠢᠯᠴᠠᠨ ᠳᠡᠮᠵᠢᠵᠦ᠂ ᠬᠠᠷᠢᠯᠴᠠᠨ ᠬᠠᠮᠵᠢᠯᠴᠠᠵᠤ᠂ ᠦᠨᠡᠨ ᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ  ᠵᠦᠢᠯᠡᠰ ᠢ ᠡᠷᠲᠡᠬᠡᠨ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠳᠥᠯᠭᠢᠨ ᠠᠬᠢᠭᠤᠯᠵᠤ᠂ ᠡᠯ᠎ᠡ  ᠵᠦᠢᠯᠡᠰ ᠤᠨ ᠠᠵᠢᠯ ᠤᠨ ᠦᠨᠡᠨ ᠪᠣᠳᠠᠲᠠᠶ ᠠᠬᠢᠯᠲᠠ ᠲᠠᠢ ᠪᠣᠯᠬᠤ ᠶᠢ ᠦᠨᠡᠨ ᠬᠦ ᠪᠠᠲᠤᠯᠠᠨ᠎ᠠ ᠭᠡᠵᠡᠶ᠃   ᠳᠠᠷᠠᠭᠠᠴᠢ ᠶᠢᠨ ᠠᠯᠬᠤᠮ ᠳᠤ᠂ ᠴᠠᠢ ᠡᡁᠧ ᠪᠠᠯᠭᠠᠰᠤ ᠶᠢᠨ ᠬᠢᠨ ᠴᠣᠷᠰᠧᠨ ᠠᠵᠤ ᠦᠢᠯᠡᠳᠪᠦᠷᠢ ᠶᠢᠨ ᠺᠣᠮᠫᠠᠨᠢ ᠲᠠᠢ ᠣᠷᠣᠨ ᠨᠤᠲᠤᠭ ᠪᠠ ᠠᠵᠤ ᠠᠬᠤᠶᠢᠯᠠᠯ ᠬᠤᠯᠪᠣᠭᠠᠯᠠᠬᠤ᠂ ᠬᠠᠮᠲᠤᠪᠠᠷ ᠪᠠᠶᠢᠭᠤᠯᠵᠤ ᠬᠠᠮᠲᠤᠪᠠᠷ ᠠᠬᠢᠭᠤᠯᠬᠤ ᠣᠶᠢᠯᠠᠭᠠᠭᠳᠠᠬᠤᠨ ᠲᠠᠢ ᠨᠢᠭᠲᠠ ᠤᠶᠠᠯᠳᠤᠭᠤᠯᠵᠤ᠂ ᠭᠠᠷ ᠬᠤᠯᠪᠣᠨ ᠤᠷᠤᠭᠰᠢᠯᠠᠵᠤ᠂ ᠬᠥᠭᠵᠢᠯᠲᠡ ᠶᠢ ᠬᠠᠮᠲᠤᠪᠠᠷ ᠰᠦᠪᠡᠭᠴᠢᠯᠡᠵᠦ᠂ S204 ᠲᠠᠷᠰ ᠬᠡᠢ ᠶᠢᠨ ᠴᠢᠭᠯᠡᠯ ᠤᠨ ᠵᠤᠭᠠᠴᠠᠯ ᠤᠨ ᠦᠢᠯᠡᠰ ᠢ ᠨᠡᠭᠡᠭᠡᠨ ᠬᠥᠭᠵᠢᠭᠦᠯᠬᠦ ᠢᠨᠵᠧᠨᠧᠷᠢᠩ ᠢ ᠬᠠᠮᠲᠤᠪᠠᠷ ᠪᠠᠶᠢᠭᠤᠯᠵᠤ᠂ ᠭᠠᠵᠠᠷ ᠣᠷᠣᠨ ᠤ ᠵᠤᠭᠠᠴᠠᠭᠰᠠᠳ ᠤᠨ ᠳᠠᠭᠠᠭᠠᠴᠠ ᠶᠢ ᠨᠡᠮᠡᠭᠳᠡᠭᠦᠯᠵᠦ᠂ ᠵᠤᠭᠠᠴᠠᠨ ᠲᠣᠭᠤᠷᠢᠬᠤ ᠦᠵᠡᠮᠵᠢ ᠶᠢᠨ ᠴᠡᠭ ᠢ ᠥᠷᠭᠡᠳᠬᠡᠵᠦ᠂ ᠲᠤᠬᠠᠢ ᠶᠢᠨ ᠭᠠᠵᠠᠷ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ