︽ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠰᠠᠶᠢᠲᠤᠷ ᠠᠳᠬᠤᠵᠤ ᠨᠡᠶᠢᠭᠡᠮ ᠲᠣᠭᠤᠷᠢᠭ ᠤᠨ ᠰᠤᠷᠲᠠᠯ ᠤᠨ ᠬᠤᠪᠢᠷᠠᠯᠲᠠ ᠶᠢ ᠠᠬᠢᠭᠤᠯᠬᠤ ᠬᠡᠷᠡᠭᠲᠡᠢ︾ ᠰᠢᠶᠠᠩ ᠶᠠᠩ ᠵᠡᠭᠡᠯᠢ ᠭᠤᠳᠤᠮᠵᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/18
    ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠤᠯᠠᠮ ᠴᠢᠨᠠᠭᠰᠢᠳᠠ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ 3 ᠰᠠᠷ᠎ᠠ ᠶᠢᠨ 12 ᠤᠨ ᠡᠳᠦᠷ᠂ ᠰᠢᠶᠠᠩ ᠶᠠᠩ ᠵᠡᠭᠡᠯᠢ ᠭᠤᠳᠤᠮᠵᠢ ᠶᠢᠨ ᠳ᠋ᠦᠩ ᠹᠠᠩ ᠬᠤᠩ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠂ ᠬᠤᠷᠠᠯ ᠢ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠡᠷᠭᠢᠯᠡᠵᠦ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠠᠭ᠂ ᠨᠡᠶᠢᠭᠡᠮ ᠲᠣᠭᠤᠷᠢᠭ ᠤᠨ ᠠᠵᠢᠯᠲᠠᠳ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠡᠩ ᠲᠡᠷᠢᠭᠦᠨ ᠳᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠪᠠᠷᠢᠮᠵᠢᠶ᠎ᠠ︾ ᠶᠢᠨ ᠪᠣᠳᠠᠲᠠᠢ ᠠᠭᠤᠯᠭ᠎ᠠ ᠶᠢ ᠰᠤᠷᠤᠯᠴᠠᠵᠥ᠂ ᠤᠯᠠᠨ ᠢ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠪᠠᠳᠠᠷᠠᠭᠤᠯᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠶᠢ ᠲᠦᠷᠦᠭᠦᠯᠡᠨ ᠦᠢᠯᠡᠳᠦᠯᠭᠡᠵᠢᠭᠦᠯᠵᠦ᠂ ᠪᠠᠷᠢᠮᠵᠢᠶ᠎ᠠ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠦᠨᠡᠨ ᠬᠦ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠬᠦ ᠶᠢᠨ ᠬᠠᠮᠲᠤ ᠨᠡᠶᠢᠭᠡᠮ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ 2024 ᠣᠨ ᠤ ᠨᠡᠶᠢᠭᠡᠮ ᠲᠣᠭᠤᠷᠢᠭ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠳᠠᠷᠠᠭ᠎ᠠ ᠪᠠᠷ ᠨᠢ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠪᠦᠬᠦ ᠺᠠᠳ᠋ᠷᠴᠤᠳ ᠲᠤ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠶᠠᠷᠢᠶ᠎ᠠ ᠲᠠᠯᠪᠢᠵᠤ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ︽ᠰᠠᠬᠢᠯᠭ᠎ᠠ ᠪᠠᠲᠤ︾ ᠶᠢ ᠨᠡᠶᠢᠭᠡᠮ ᠲᠣᠭᠤᠷᠢᠭ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ ᠭᠡᠵᠡᠶ᠃     ᠳᠠᠷᠠᠭᠠᠴᠢ ᠶᠢᠨ ᠠᠯᠬᠤᠮ ᠳᠤ᠂ ᠰᠢᠶᠠᠩ ᠶᠠᠩ ᠵᠡᠭᠡᠯᠢ ᠭᠤᠳᠤᠮᠵᠢ ᠶᠢᠨ ᠳ᠋ᠦᠩ ᠹᠠᠩ ᠬᠤᠩ ᠨᠡᠶᠢᠭᠡᠮ ᠲᠣᠭᠤᠷᠢᠭ ᠤᠨ ᠬᠢᠨ ᠨᠡᠶᠢᠭᠡᠮ ᠲᠣᠭᠤᠷᠢᠭ ᠤᠨ ᠨᠠᠮ ᠤᠨ  ᠬᠤᠷᠢᠶ᠎ᠠ‌‍ᠶᠢᠨ ᠭᠤᠣᠯ ᠴᠣᠭᠴᠠ ᠶᠢᠨ ᠬᠠᠷᠢᠭᠤᠴᠠᠯᠭᠠᠲᠤ ᠤᠬᠠᠮᠰᠠᠷ ᠢ ᠦᠷᠭᠦᠯᠵᠢᠯᠡᠨ ᠪᠠᠬᠢᠵᠢᠭᠦᠯᠵᠦ᠂ ᠦᠵᠡᠯ ᠰᠠᠨᠠᠭᠠᠨ ᠤ ᠬᠥᠮᠦᠵᠢᠯ ᠢ ᠴᠢᠩᠭ᠎ᠠ ᠬᠢᠬᠦ᠂ ᠰᠤᠷᠲᠠᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ᠂ ᠲᠦᠷᠢᠮ ᠢ ᠴᠢᠩᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠨ᠎ᠠ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ