ᠬᠠᠳᠤ ᠭᠤᠣᠯ ᠪᠠᠯᠭᠠᠰᠤ ᠠᠮᠤᠷ ᠲᠦᠪᠰᠢᠨ ᠤ ᠬᠡᠮ ᠰᠣᠭᠤᠭ ᠢ ᠲᠤᠰᠬᠠᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/3/18
     ᠣᠶᠢᠷ᠎ᠠ ᠳᠤ᠂ ᠬᠠᠳᠤ ᠭᠤᠤᠯ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠵᠣᠣ ᠶᠤᠸᠠᠢ ᠪᠦᠯᠬᠦᠮ ᠳᠠᠭᠠᠭᠤᠯᠤᠨ᠂ ᠠᠮᠤᠷ ᠲᠦᠪᠰᠢᠨ ᠤ ᠪᠥᠲᠥᠭᠡᠨ ᠪᠠᠶᠢᠭᠤᠯᠤᠯᠲᠠ ᠶᠢᠨ ᠠᠯᠪᠠᠨ ᠬᠡᠷ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠯᠪᠠᠨ ᠬᠡᠷ᠂ ᠲᠣᠮᠢᠯᠠᠭᠰᠠᠨ ᠰᠠᠯᠪᠤᠷᠢ᠂ ᠴᠠᠬᠢᠯᠭᠠᠨ ᠬᠠᠩᠭᠠᠬᠤ ᠭᠠᠵᠠᠷ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠬᠠᠷᠢᠶ᠎ᠠ ᠲᠣᠭᠤᠷᠢᠭ ᠤᠨ ᠵᠢᠵᠢᠭ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠴᠠᠬᠢᠯᠭᠠᠨ ᠴᠡᠨᠡᠭᠯᠡᠬᠦ ᠠᠮᠤᠷ ᠲᠦᠪᠰᠢᠨ ᠤ ᠳᠠᠯᠳᠠ ᠬᠡᠮ ᠤᠨ ᠲᠤᠰᠬᠠᠶ ᠪᠠᠶᠢᠴᠠᠭᠠᠯᠲᠠ ᠶᠢ ᠥᠷᠨᠢᠭᠦᠯᠪᠡ᠃     ᠪᠠᠶᠢᠴᠠᠭᠠᠬᠤ ᠳᠤᠭᠤᠶᠢᠯᠠᠩ ᠤᠨ ᠬᠢᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠠᠰᠠᠷ ᠤᠨ ᠬᠤᠩᠭᠢᠯ ᠳᠤ ᠴᠠᠬᠢᠯᠭᠠᠨ ᠴᠡᠨᠡᠭᠯᠡᠬᠦ᠂ ᠥᠨᠳᠥᠷ ᠣᠭᠲᠠᠷᠭᠤᠶ ᠳᠤ ︽ᠨᠢᠰᠬᠦ ᠤᠲᠠᠰᠤ︾ ᠪᠠᠷ ᠴᠠᠬᠢᠯᠭᠠᠨ ᠴᠡᠨᠡᠭᠯᠡᠬᠦ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠳᠤᠷ᠎ᠠ ᠪᠠᠷ ᠢᠶᠠᠨ ᠵᠣᠭᠰᠣᠭᠠᠬᠤ᠂ ᠠᠰᠠᠷ ᠤᠨ ᠬᠤᠩᠭᠢᠯ ᠳᠤ ᠡᠳ᠋ ᠪᠠᠷᠠᠭ᠎ᠠ ᠣᠪᠣᠭᠠᠯᠠᠬᠤ ᠵᠡᠷᠭᠡ‌ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠷ ᠬᠢᠨᠠᠨ ᠵᠢᠯᠣᠭᠤᠳᠴᠤ ᠪᠠᠶᠢᠴᠠᠭᠠᠵᠤ᠂ ᠵᠠᠷᠢᠮ ᠴᠠᠬᠢᠯᠭᠠᠨ ᠬᠥᠳᠡᠯᠭᠡᠭᠦᠷᠲᠦ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ︽ᠨᠢᠰᠬᠦ ᠤᠲᠠᠰᠤ︾ ᠪᠠᠷ ᠴᠠᠬᠢᠯᠭᠠᠨ ᠴᠡᠨᠡᠭᠯᠡᠬᠦ᠂ ᠠᠰᠠᠷ ᠤᠨ ᠬᠤᠩᠭᠢᠯ ᠳᠤ ᠡᠳ᠋ ᠪᠠᠷᠠᠭ᠎ᠠ ᠣᠪᠣᠭᠠᠯᠠᠵᠤ ᠲᠠᠯᠪᠢᠬᠤ ᠰᠠᠭᠤᠭᠠᠯᠢ ᠠᠷᠠᠳ ᠢ ᠬᠡᠷ ᠲᠤᠨᠢ ᠬᠦᠷᠴᠦ ᠢᠳᠬᠠᠨ ᠰᠠᠨᠠᠭᠤᠯᠵᠤ᠂ ᠲᠡᠳᠡᠨ ᠢ ᠬᠥᠲᠥᠯᠦᠨ ᠵᠢᠯᠣᠭᠤᠳᠴᠤ ᠪᠠᠶᠢᠭᠠᠳ ᠥᠪᠡᠰᠦᠪᠡᠨ ᠨᠤᠷᠠᠭᠠᠬᠤ ᠶᠢᠨ ᠬᠠᠮᠲᠤ ᠨᠢᠭᠡᠴᠡ ᠶᠢᠨ ᠣᠷᠣᠬᠤ ᠡᠭᠦᠳᠡᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠬᠠᠭᠤᠳᠠᠰᠤ ᠨᠠᠭᠠᠨ᠎ᠠ᠃ ᠡᠭᠦᠨ ᠤ ᠬᠠᠮᠲᠤ ᠵᠢᠭᠰᠠᠭᠠᠨ ᠪᠠᠶᠢᠴᠠᠭᠠᠭᠠᠳ ᠢᠯᠡᠷᠡᠭᠦᠯᠦᠭᠰᠡᠨ ᠬᠡᠮ ᠰᠣᠭᠤᠭ ᠤᠨ ᠠᠰᠠᠭᠤᠳᠠᠯ ᠳᠤ ᠴᠢᠭᠯᠡᠭᠦᠯᠦᠨ᠂ ᠠᠵᠢᠯ ᠤᠨ ᠡᠬᠡ ᠲᠠᠩᠰᠠ ᠶᠢᠨ ᠨᠠᠷᠢᠨ ᠲᠠᠩᠰᠠ ᠪᠠᠶᠢᠭᠤᠯᠵᠤ᠂ ᠪᠢᠲᠡᠭᠦᠦ ᠴᠠᠭᠠᠷᠢᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠳᠤᠲᠠᠭᠤ ᠲᠤᠷᠭᠤᠨ ᠪᠠᠶᠢᠯᠭᠠᠬᠤ ᠥᠬᠡᠶ᠂ ᠥᠨᠴᠥᠭ ᠪᠤᠯᠤᠩ ᠦᠯᠡᠳᠡᠭᠡᠬᠦ ᠥᠬᠡᠶ᠂ ᠬᠠᠰᠢ ᠶᠠᠰᠢ ᠪᠠᠷ ᠥᠩᠭᠡᠷᠡᠭᠦᠯᠬᠦ ᠥᠬᠡᠶ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ᠃      ᠲᠠᠷᠠᠭᠠᠴᠢ ᠶᠢᠨ ᠠᠯᠬᠤᠮ ᠳᠤ᠂ ᠬᠠᠳᠤ ᠭᠤᠤᠯ ᠪᠠᠯᠭᠠᠰᠤ ᠸᠢᠴᠠᠲ᠂ ᠲᠣᠰᠬᠤᠨ ᠪᠣᠯᠭᠠᠨ ᠳᠤ ᠲᠠᠭᠤ ᠴᠢᠮᠡᠭᠡ ᠭᠠᠷᠭᠠᠬᠤ᠂ ᠡᠷᠦᠬᠡ ᠳᠤ ᠬᠦᠷᠴᠦ ᠤᠬᠠᠭᠤᠯᠤᠨ ᠲᠠᠶᠢᠯᠪᠤᠷᠢᠯᠠᠬᠤ᠂ ᠤᠬᠠᠭᠤᠯᠭ᠎ᠠ ᠶᠢᠨ ᠬᠠᠭᠤᠳᠠᠰᠤ ᠶᠢ ᠲᠥᠪᠯᠡᠷᠡᠭᠦᠯᠦᠨ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠬᠦ᠂ ᠠᠮᠤᠷ ᠲᠦᠪᠰᠢᠨ ᠤ ᠬᠠᠮᠢᠶ᠎ᠠ ᠪᠥᠬᠦᠶ ᠮᠡᠳᠡᠯᠭᠡ ᠶᠢ ᠦᠷᠭᠦᠯᠵᠢᠯᠡᠨ ᠤᠬᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠵᠤ᠂ ᠪᠥᠬᠦ ᠪᠠᠯᠭᠠᠰᠤᠨ ᠤ ᠰᠠᠭᠤᠭᠠᠯᠢ ᠠᠷᠠᠳ ᠤᠨ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠤᠨ ᠭᠠᠯ ᠤᠨ ᠠᠶᠤᠯ ᠡᠭᠦᠰᠬᠦ ᠠᠴᠠ ᠵᠠᠶᠢᠯᠠᠰᠬᠢᠨ᠎ᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ