ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠣᠣ ᠴᠠᠩ ᠴᠢᠩ ᠵᠠᠯᠠᠨ ᠠᠶᠢᠯ  ᠬᠤᠲᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/3/19
    3 ᠰᠠᠷ᠎ᠠ ᠶᠢᠨ 6 ᠤ ᠡᠳᠦᠷ ᠠᠴᠠ 8 ᠤ ᠡᠳᠦᠷ ᠪᠣᠯᠲᠠᠯ᠎ᠠ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠣᠣ ᠴᠠᠩ ᠴᠢᠩ ᠵᠠᠯᠠᠨ ᠠᠶᠢᠯ ᠬᠤᠲᠠ ᠳᠤ ᠭᠦᠨᠵᠡᠭᠡᠶᠢᠷᠡᠨ᠂ ᠦᠨᠳᠦᠰᠦᠨ ᠱᠠᠲᠤᠨ ᠤ ᠤᠯᠤᠰ ᠲᠥᠷᠥ ᠬᠠᠤᠯᠢ ᠴᠠᠭᠠᠵᠠ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠵᠡᠷᠭᠡ ᠳᠤ ᠪᠠᠶᠢᠴᠠᠭᠠᠨ ᠰᠤᠳᠤᠯᠤᠯᠲᠠ ᠬᠢᠵᠡᠶ᠃ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠮᠤᠩ ᠭᠠᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ ᠵᠣᠣ ᠴᠠᠩ ᠴᠢᠩ ᠤᠷᠢᠳ ᠬᠤᠵᠢᠳ ᠵᠠᠯᠠᠨ ᠠᠶᠢᠯ ᠤᠨ  ᠸᠸ ᠨᠢᠤ ᠾᠧ ᠪᠠᠯᠭᠠᠰᠤᠨ ᠤ ᠨᠠᠮ ᠪᠠ ᠣᠯᠠᠨ ᠲᠦᠮᠡᠨ ᠤ  ᠦᠢᠯᠡᠴᠢᠯᠡᠭᠡᠨ‌‍ᠤ ᠲᠥᠪ᠂ ᠸᠤ᠋ ᠨᠢᠤ ᠾᠧ ᠪᠠᠯᠭᠠᠰᠤᠨ ᠤ ᠳ᠋ᠠ ᠪᠠ ᠲᠣᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ‌‍ᠤ ᠲᠥᠪ ᠲᠤ ᠬᠦᠷᠴᠦ᠂ ᠪᠠᠯᠭᠠᠰᠤ ᠲᠣᠰᠬᠤᠨ ᠤ ᠬᠠᠷᠢᠭᠤᠴᠠᠯᠭᠠᠲᠠᠨ ᠤ ︽ᠨᠢᠭᠡ ᠥᠷᠲᠡᠭᠡ ᠮᠠᠶ᠋ᠢᠭ︾ ᠤᠨ  ᠦᠢᠯᠡᠴᠢᠯᠡᠭᠡᠨ‌‍ᠤ ᠲᠠᠪᠴᠠᠩ᠂ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠬᠢᠨᠠᠮᠠᠭᠠᠶ ᠰᠣᠨᠣᠰᠪᠠ᠃ ᠳᠠᠷᠠᠭ᠎ᠠ ᠳᠤᠨᠢ᠂ ᠴᠢᠩᠭᠢᠰ ᠬᠠᠭᠠᠨ ᠪᠠᠯᠭᠠᠰᠤ ᠶᠢᠨ  ᠹᠧᠨ ᠳ᠋ᠧᠦ ᠲᠣᠰᠬᠤᠨ᠂ ᠮᠧᠩ ᠳ᠋ᠦᠩ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠥᠯᠥᠨ ᠪᠤᠶᠢᠷ ᠤᠨ ᠵᠡᠭᠦᠨ ᠬᠤᠶᠢᠲᠤ ᠶᠢᠨ ᠹᠦ᠋ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠪᠠᠷ ᠠᠮᠤ ᠪᠤᠳᠠᠭ᠎ᠠ ᠶᠢ ᠨᠡᠮᠡᠭᠳᠡᠭᠦᠯᠬᠦ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ᠂ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠵᠢᠴᠢ ᠠᠵᠤ ᠠᠬᠤᠶᠢᠯᠠᠯ ᠤᠨ ᠡᠵᠡᠩᠨᠡᠯᠲᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠠᠢ᠃ ᠵᠠᠯᠠᠨ ᠠᠶᠢᠯ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠳᠤ ᠪᠠᠶᠢᠴᠠᠭᠠᠬᠤ ᠭᠡᠷᠡᠴᠢᠯᠡᠭᠡ ᠰᠣᠨᠣᠰᠬᠤ ᠲᠠᠰᠤᠭ ᠢ ᠲᠣᠭᠤᠷᠢᠨ ᠦᠵᠡᠭᠰᠡᠨ ᠪᠥᠭᠡᠳ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠤᠨ ᠡᠪᠬᠡᠮᠡᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃     ᠵᠣᠣ ᠴᠠᠩ ᠴᠢᠩ ᠢᠯᠡᠷᠬᠡᠶᠢᠯᠡᠬᠦ ᠳᠡᠭᠡᠨ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠪᠠᠶᠢᠳᠠᠯ ᠬᠤᠪᠢᠷᠠᠯᠲᠠ ᠶᠡᠬᠡᠲᠡᠶ᠂ ᠠᠰᠠᠭᠤᠳᠠᠯ ᠣᠯᠠᠨ ᠶᠠᠩᠵᠤ ᠶᠢᠨ᠂ ᠬᠡᠷᠡᠭᠴᠡᠭᠡ ᠣᠯᠠᠨ ᠶᠠᠩᠵᠤ ᠶᠢᠨ ᠪᠠᠶᠢᠳᠠᠭ ᠪᠣᠯᠬᠤᠷ ᠡᠯ᠎ᠡ ᠲᠠᠯ᠎ᠠ ᠶᠢᠨ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠠᠵᠢᠯ ᠤᠨ ᠲᠣᠭᠲᠠᠴᠠ ᠶᠢ ᠰᠢᠯᠢᠳᠡᠭᠵᠢᠭᠦᠯᠦᠨ᠂ ᠡᠶᠡᠳᠡᠭᠦᠯᠭᠡ ᠶᠢ ᠭᠦᠢᠴᠡᠳ‌‍ᠬᠡᠷᠡᠭᠯᠡᠨ ᠵᠥᠷᠢᠴᠡᠯ ᠵᠢᠭᠤᠷᠠᠯᠳᠤᠭᠠᠨ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠵᠦ᠂ ︽ᠬᠡᠷᠡᠭ ᠢ ᠳᠠᠭᠤᠰᠬᠠᠨ  ᠤᠴᠢᠷ ᠶᠠᠪᠤᠳᠠᠯ ᠢ ᠳᠠᠭᠤᠰᠬᠠᠬᠤ ᠳᠤ ᠤᠷᠤᠭᠰᠢᠲᠠᠶ︾ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃
1.jpg  
2.jpg
3.jpg
4.jpg
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ