ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠠᠶ ᡁᠢ ᠵᠢᠶᠦ᠋ᠨ ᠶᠢᠰᠦᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 85 ᠳ᠋ᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/19
    2 ᠰᠠᠷ᠎ᠠ ᠶᠢᠨ 20 ᠤ ᠡᠳᠦᠷ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠶ ᡁᠢ ᠵᠢᠶᠦ᠋ᠨ ᠶᠢᠰᠦᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 85 ᠳ᠋ᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ  ᠶᠡᠷᠦᠩᠬᠡᠢ ᠱᠦᠵᠢ ᠶᠢᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ  ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠨ ᠬᠥᠯᠥᠨ ᠪᠤᠶᠢᠷ ᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠱᠠᠭᠠᠷᠳᠠᠯᠭ᠎ᠠ ᠵᠢᠴᠢ ᠲᠥᠪ ᠬᠤᠷᠢᠶ᠎ᠠ ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠤᠨ ᠬᠤᠯᠪᠣᠭᠳᠠᠯ ᠪᠦᠬᠦᠢ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠤᠴᠢᠷ ᠢ ᠰᠤᠳᠤᠯᠤᠨ ᠬᠢᠨᠠᠨ ᠵᠥᠪᠯᠡᠵᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠯᠢ ᠵᠢᠶᠦ᠋ᠨ ᠬᠤᠷᠠᠯ ᠳᠤ ᠰᠤᠯᠠ ᠣᠷᠣᠯᠴᠠᠵᠤ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠣᠯᠤᠨ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠵᠥᠪᠯᠡᠬᠦ ᠰᠡᠳᠦᠪ ᠤᠨ ᠶᠣᠰᠣᠭᠠᠷ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ ᠨᠢᠭᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠬᠤᠷᠢᠶᠠᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠵᠡᠷᠭᠡ ᠠᠭᠤᠯᠭ᠎ᠠ ᠶᠢ ᠤᠯᠠᠮᠵᠢᠯᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠴᠢᠨᠠᠷ ᠤᠨ  ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ ᠥᠷᠭᠡᠳᠬᠡᠵᠦ᠂ ᠨᠠᠶᠢᠳᠠᠪᠤᠷᠢᠵᠢᠭᠤᠯᠤᠯᠲᠠ ᠶᠢ ᠶᠡᠭᠡ ᠪᠠᠷ ᠠᠳᠬᠤᠨ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠵᠠᠯᠠᠨ ᠠᠶᠢᠯ ᠤᠨ ᠴᠢᠨᠠᠷ ᠰᠠᠶᠢᠲᠠᠶ ᠬᠥᠭᠵᠢᠯᠲᠡ ᠶᠢᠨ ᠳᠠᠬᠢᠨ ᠨᠢᠭᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ᠃    ᠬᠤᠷᠠᠯ ᠠᠴᠠ ᠰᠦᠨ ᠱᠣᠣ ᠴᠧᠩ ᠱᠦᠵᠢ ᠶᠢᠨ ᠬᠥᠯᠥᠨ ᠪᠤᠶᠢᠷ ᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠠᠬᠢ ᠵᠢᠭᠠᠪᠤᠷᠢ ᠶᠢᠨ ᠱᠠᠭᠠᠷᠳᠠᠯᠭ᠎ᠠ ᠶᠢ ᠤᠯᠠᠮᠵᠢᠯᠠᠵᠤ᠂ ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠰᠦᠨ ᠱᠣᠣ ᠴᠧᠩ ᠱᠦᠵᠢ ᠶᠢᠨ ᠵᠢᠭᠠᠪᠤᠷᠢ ᠱᠠᠭᠠᠷᠳᠠᠯᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠯᠠᠪᠳᠠᠭᠤᠨ ᠪᠠᠲᠤᠲᠠᠢ ᠠᠬᠢᠭᠤᠯᠵᠤ᠂ ︽ᠠᠷᠪᠡᠨ ᠳᠦᠷᠪᠡᠳᠦᠭᠡᠷ ᠬᠤᠭᠤᠴᠠᠭᠠᠨ  ᠤ ᠪᠦᠬᠦ ᠤᠯᠤᠰ ᠤᠨ ᠡᠪᠦᠯ ᠤᠨ ᠤᠯᠠᠷᠢᠯ ‍ᠤᠨ‌‍ᠪᠡᠶ᠎ᠡ ᠶᠢᠨ ᠲᠠᠮᠢᠷ ᠤᠨ ᠴᠤᠭᠯᠠᠭᠠᠨ︾  ᠶᠢ ᠪᠦᠬᠦ ᠬᠦᠴᠦᠨ ᠢᠶᠠᠷ ᠢᠶᠠᠨ ᠰᠠᠶᠢᠲᠤᠷ ᠡᠷᠬᠢᠯᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ︽ᠶᠢᠰᠦᠨ ᠲᠡᠷᠢᠭᠦᠨ  ᠪᠣᠯᠬᠤ ᠪᠠᠷ ᠲᠡᠮᠡᠴᠡᠬᠦ︾ ᠪᠣᠳᠠᠲᠤ ᠦᠷ᠎ᠡ ᠪᠦᠲᠦᠮᠵᠢ ᠪᠠᠷ ᠵᠠᠯᠠᠨ ᠠᠶᠢᠯ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠦᠢᠯᠡᠰ ᠢ ᠰᠢᠨ᠎ᠡ ᠳᠡᠭᠲᠡᠷ ᠲᠤ ᠭᠠᠷᠭᠠᠵᠤ᠂ ᠰᠢᠨ᠎ᠡ ᠪᠠᠶᠢᠳᠠᠯ ᠢ ᠨᠡᠭᠡᠭᠡᠵᠦ᠂ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃   ᠬᠤᠷᠠᠯ ᠠᠴᠠ ᠪᠠᠰᠠ ︽ᠤᠳᠤᠷᠢᠳᠬᠤ ᠺᠠᠳ᠋ᠷ ᠤᠨ ᠬᠤᠪᠢ ᠬᠥᠮᠦᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ ᠮᠡᠳᠡᠭᠦᠯᠬᠦ ᠲᠣᠭᠲᠠᠭᠠᠯ︾ ᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ ᠪᠠ ᠬᠡᠷᠡᠭᠵᠢᠭᠦᠯᠬᠦ ᠲᠥᠰᠦᠯ ᠵᠡᠷᠭᠡ ᠤᠴᠢᠷ ᠶᠠᠪᠤᠳᠠᠯ ᠢ ᠰᠤᠳᠤᠯᠤᠨ ᠬᠢᠨᠠᠨ ᠵᠥᠪᠯᠡᠵᠦ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
1.jpg
2.jpg
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ