ᠵᠠᠯᠠᠨ ᠠᠶᠢᠯ ᠬᠤᠲᠠ ᠶᠢᠰᠦᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠦᠪᠠ
ᠨᠡᠶᠢᠲᠡᠯᠡᠭᠰᠡᠨ ᠴᠠᠭ᠄
2024/3/19
    ᠵᠠᠯᠠᠨ ᠠᠶᠢᠯ ᠬᠤᠲᠠ ᠶᠢᠰᠦᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ 3 ᠰᠠᠷ᠎ᠠ ᠶᠢᠨ 12 ᠤᠨ ᠡᠳᠦᠷ ᠬᠤᠷᠠᠯᠳᠤᠭᠤᠯᠵᠤ᠂  ᠰᠢᠨ᠎ᠡ ᠨᠢᠭᠡ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠤᠳᠤᠷᠢᠳᠤᠯᠭ᠎ᠠ ᠯᠢᠦ ᠬᠤᠩ ᡁᠢ᠂ ᠲᠢᠶᠠᠨ ᠰᠢᠤᠢ ᠬᠤᠷᠠᠯ ᠳᠤ ᠣᠷᠣᠯᠴᠠᠪᠠ᠃            ᠬᠤᠷᠠᠯ ᠠᠴᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠰᠢᠨ᠎ᠡ ᠵᠣᠷᠢᠭ ᠰᠠᠨᠠᠭ᠎ᠠ ᠰᠢᠨ᠎ᠡ ᠱᠠᠭᠠᠷᠳᠠᠯᠭ᠎ᠠ ᠶᠢ ᠤᠯᠠᠮᠵᠢᠯᠠᠪᠠ︔ ︽ᠶᠢᠰᠦᠳᠦᠭᠡᠷ ᠬᠤᠭᠤᠴᠠᠭᠠᠨ ᠤ ᠬᠤᠳᠠ ᠶᠢᠨ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠯᠲᠠ ᠵᠢᠴᠢ ᠡᠭᠦᠷᠭᠡ ᠶᠢᠨ ᠬᠤᠪᠢᠶᠠᠷᠢᠯᠠᠯ ᠤᠨ ᠲᠤᠬᠠᠶ ᠲᠣᠭᠲᠠᠭᠠᠯ︾ ᠢ ᠤᠩᠰᠢᠨ ᠨᠡᠶᠢᠲᠡᠯᠡᠪᠡ᠃    ᠬᠤᠷᠠᠯ ᠠᠴᠠ᠂ ᠲᠣᠭᠤᠷᠢᠨ ᠦᠵᠡᠵᠦ ᠲᠣᠭᠤᠷᠢᠨ ᠪᠠᠶᠢᠴᠠᠭᠠᠬᠤ ᠪᠣᠯ ᠨᠠᠮ ᠤᠨ ᠲᠦᠷᠢᠮ ᠠᠴᠠ ᠣᠯᠭᠤᠭᠰᠠᠨ ᠴᠢᠬᠤᠯᠠ ᠡᠭᠦᠷᠭᠡ ᠬᠠᠷᠢᠭᠤᠴᠠᠯᠭ᠎ᠠ ᠮᠥᠨ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠦᠷᠢᠮ ᠤᠨ ᠲᠤᠬᠢᠷᠠᠭᠤᠯᠤᠯᠳᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠢ ᠬᠠᠮᠢᠶᠠᠷᠴᠤ ᠨᠠᠮ ᠢ ᠵᠠᠰᠠᠬᠤ ᠶᠢᠨ ᠬᠦᠴᠦᠲᠡᠢ ᠭᠠᠷᠳᠠᠴᠠ ᠪᠠ ᠵᠡᠪᠰᠡᠭ ᠮᠥᠨ᠃ ᠬᠤᠷᠠᠯ ᠠᠴᠠ᠂ ᠦᠵᠡᠯ ᠰᠠᠨᠠᠭ᠎ᠠ ᠪᠠᠨ ᠴᠢᠨᠠᠭᠰᠢᠳᠠ ᠨᠢᠭᠡᠳᠬᠡᠵᠦ᠂ ᠤᠯᠤᠰ ᠲᠦᠷᠦ ᠶᠢᠨ ᠲᠣᠭᠤᠷᠢᠨ ᠴᠠᠭᠳᠠᠬᠤ ᠠᠭᠤᠯᠤᠭᠳᠠᠬᠤᠨ ᠢ ᠣᠨᠣᠪᠴᠢᠲᠠᠢ ᠡᠵᠡᠮᠳᠡᠵᠦ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ︔ ᠤᠯᠤᠰ ᠲᠦᠷᠦ ᠶᠢᠨ ᠬᠢᠨᠠᠯᠲᠠ ᠲᠠᠯᠪᠢᠬᠤ ᠭᠤᠣᠯᠳᠠᠯᠭ᠎ᠠ ᠶᠢ ᠣᠨᠣᠪᠴᠢᠲᠠᠢ ᠡᠵᠡᠮᠳᠡᠵᠦ᠂ ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ︔ ᠤᠯᠤᠰ ᠲᠦᠷᠦ ᠶᠢᠨ ᠬᠢᠨᠠᠯᠲᠠ ᠲᠠᠯᠪᠢᠬᠤ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠪᠣᠳᠠᠲᠠᠢ ᠦᠷ᠎ᠡ ᠪᠦᠲᠦᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠵᠠᠯᠠᠨ ᠠᠶᠢᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠲᠣᠭᠤᠷᠢᠨ ᠪᠠᠶᠢᠴᠠᠭᠠᠬᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ 
1.jpg
2.jpg
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ