ᠵᠠᠯᠠᠨ ᠠᠶᠢᠯ ᠬᠤᠲᠠ ᠶᠢᠨ 2024 ᠣᠨ ᠤ ᠳᠡᠭᠡᠷ᠎ᠡ ᠬᠠᠭᠠᠰ ᠵᠢᠯ ᠳᠤ 35 ᠵᠠᠯᠠᠭᠤ ᠴᠡᠷᠢᠭ ᠲᠤ ᠣᠷᠣᠪᠠ
ᠨᠡᠶᠢᠲᠡᠯᠡᠭᠰᠡᠨ ᠴᠠᠭ᠄
2024/3/25
1.jpg   
2.jpg 
     3 ᠰᠠᠷ᠎ᠠ ᠶᠢᠨ 16 ᠤ ᠡᠳᠦᠷ᠂ ᠵᠠᠯᠠᠨ ᠠᠶᠢᠯ ᠬᠤᠲᠠ 2024 ᠣᠨ ᠤ ᠳᠡᠭᠡᠷ᠎ᠡ ᠬᠠᠭᠠᠰ ᠵᠢᠯ ᠳᠤ ᠴᠡᠷᠢᠭ ᠲᠤ ᠤᠷᠤᠭᠰᠠᠨ 35 ᠰᠢᠨ᠎ᠡ ᠴᠡᠷᠢᠭ ᠢ ᠦᠳᠡᠨ ᠮᠣᠷᠳᠠᠭᠤᠯᠬᠤ ᠶᠣᠰᠣᠯᠠᠯ ᠶᠠᠪᠤᠭᠤᠯᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ᠂ ᠬᠤᠳᠠ ᠶᠢᠨ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠦ᠋ ᠴᠧᠨ ᠳ᠋ᠦᠩ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠭᠤᠣᠯ ᠤᠳᠤᠷᠢᠳᠤᠯᠭ᠎ᠠ ᠦᠳᠡᠨ ᠮᠣᠷᠳᠠᠭᠤᠯᠬᠤ ᠶᠣᠰᠣᠯᠠᠯ ᠳᠤ ᠣᠷᠣᠯᠴᠠᠪᠠ᠃    ᠦᠳᠡᠨ ᠮᠣᠷᠳᠠᠭᠤᠯᠬᠤ ᠶᠣᠰᠣᠯᠠᠯ ᠳᠡᠭᠡᠷ᠎ᠡ᠂ ᠰᠢᠨ᠎ᠡ ᠴᠡᠷᠢᠭ ᠤᠨ ᠭᠡᠷ ᠤᠨ ᠠᠬᠠᠮᠠᠳ ᠤᠨ ᠲᠥᠯᠥᠭᠡᠯᠡᠭᠴᠢ᠂ ᠰᠢᠨ᠎ᠡ ᠴᠡᠷᠢᠭ ᠤᠨ ᠲᠥᠯᠥᠭᠡᠯᠡᠭᠴᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠢ︔ ᠰᠢᠨ᠎ᠡ ᠴᠡᠷᠢᠭ ᠬᠠᠮᠲᠤ ᠪᠠᠷ ᠲᠠᠩᠭᠠᠷᠢᠭᠯᠠᠪᠠ᠃    ᠦ᠋ ᠴᠧᠨ ᠳ᠋ᠦᠩ ᠶᠠᠷᠢᠶᠠᠨ ᠳᠠᠭᠠᠨ ᠰᠢᠨ᠎ᠡ ᠴᠡᠷᠢᠭ ᠢ ᠨᠠᠮ ᠪᠣᠯᠤᠨ ᠠᠷᠠᠳ ᠲᠦᠮᠡᠨ ᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠲᠠᠭᠠᠵᠤ᠂ ᠡᠬᠡ ᠤᠯᠤᠰ ᠤᠨ ᠠᠮᠤᠷ ᠲᠦᠪᠰᠢᠨ ᠪᠣᠯᠤᠨ ᠠᠷᠠᠳ ᠲᠦᠮᠡᠨ ᠤ ᠵᠣᠯ ᠵᠢᠷᠭᠠᠯ ᠤᠨ ᠲᠥᠯᠥᠭᠡ᠂ ᠪᠠᠭ᠎ᠠ ᠭᠡᠷ ᠢᠶᠠᠨ ᠦᠷᠡᠭᠳᠡᠭᠦᠯᠵᠦ ᠤᠯᠠᠨ ᠤ ᠲᠥᠯᠥᠭᠡ ᠵᠢᠳᠬᠦᠵᠦ᠂ ᠴᠡᠷᠢᠭ ᠤᠨ ᠬᠤᠸᠠᠷᠠᠨ ᠳᠤ ᠬᠦᠷᠴᠦ ᠬᠢᠯᠢ ᠶᠢᠨ ᠪᠣᠭᠤᠮᠲᠠ ᠶᠢ ᠰᠠᠬᠢᠨ ᠬᠠᠮᠠᠭᠠᠯᠠᠬᠤ ᠶᠢ ᠵᠣᠷᠢᠭᠵᠢᠭᠤᠯᠵᠤ᠂ ᠰᠢᠨ᠎ᠡ ᠴᠠᠭ ᠦᠶ᠎ᠡ ᠶᠢᠨ ᠬᠠᠯᠠᠭᠤᠨ ᠰᠡᠳᠬᠢᠯᠲᠦ ᠵᠠᠯᠠᠭᠤᠴᠤᠳ ᠤᠨ ᠤᠯᠤᠰ ᠭᠡᠷ ᠤᠨ ᠭᠦᠨ ᠵᠤᠵᠠᠭᠠᠨ ᠬᠠᠶᠢᠷ᠎ᠠ ᠰᠡᠳᠬᠢᠯᠭᠡ᠂ ᠠᠯᠤᠰ ᠬᠡᠳᠤ ᠶᠢᠨ ᠬᠦᠰᠡᠯᠡᠩ ᠪᠣᠯᠤᠨ ᠡᠷᠬᠢᠮ ᠳᠡᠭᠡᠳᠦ ᠦᠵᠡᠯ ᠰᠡᠳᠬᠢᠯᠭᠡ ᠶᠢ ᠭᠦᠢᠴᠡᠳ ᠢᠯᠡᠷᠡᠭᠦᠯᠵᠡᠢ᠃ ᠲᠡᠷᠡ᠂ ᠰᠢᠨ᠎ᠡ ᠴᠡᠷᠢᠭ ᠨᠥᠬᠦᠳ ᠢ ᠴᠡᠷᠢᠭ ᠤᠨ ᠬᠤᠸᠠᠷᠠᠨ ᠳᠤ ᠣᠷᠣᠬᠤ ᠠᠴᠠ ᠡᠮᠦᠨ᠎ᠡ᠂ ᠤᠷᠢᠳᠠᠪᠠᠷ ᠴᠡᠷᠢᠭ ᠤᠨ ᠰᠦᠭ ᠰᠦᠨᠡᠰᠦ ᠶᠢ ᠱᠤᠭᠤᠵᠤ᠂ ᠶᠡᠷᠦᠩᠬᠡᠢ ᠱᠦᠵᠢ ᠰᠢ ᠶᠢᠨ ᠫᠢᠩ ᠤ ᠨᠠᠶᠢᠳᠠᠯᠭ᠎ᠠ ᠶᠢ ᠪᠠᠲᠤ ᠴᠡᠭᠡᠵᠢᠯᠡᠵᠦ᠂ ︽ᠨᠢᠭᠡ ᠳᠤ ᠬᠦᠴᠢᠷ ᠠᠴᠠ ᠠᠶᠤᠬᠤ ᠦᠭᠡᠢ᠂ ᠬᠤᠶᠠᠷ ᠲᠤ ᠦᠬᠦᠬᠦ ᠠᠴᠠ ᠠᠶᠤᠬᠤ ᠦᠭᠡᠢ︾ ᠲᠠᠶᠢᠴᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠴᠢᠷᠮᠠᠶᠢᠨ ᠰᠤᠷᠤᠯᠴᠠᠵᠤ᠂ ᠰᠢᠷᠭᠠᠭᠤ ᠠᠵᠢᠯᠯᠠᠵᠤ᠂ ᠡᠷᠳᠡᠮ ᠴᠢᠳᠠᠪᠤᠷᠢ ᠪᠠᠨ ᠬᠠᠲᠠᠭᠤᠵᠢᠯᠲᠠᠢ ᠪᠣᠯᠪᠠᠰᠤᠷᠠᠵᠤ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠲᠤᠬᠠᠶᠢᠯᠠᠭᠰᠠᠨ ᠠᠵᠢᠯ ᠤᠨ ᠪᠠᠶᠢᠷᠢ ᠳᠡᠭᠡᠷ᠎ᠡ ᠪᠠᠨ᠂ ᠴᠡᠷᠢᠭ ᠢ ᠬᠦᠴᠦᠷᠬᠡᠭᠵᠢᠭᠦᠯᠬᠦ ᠠᠶᠠᠨ ᠵᠠᠮ ᠳᠤ᠂ ᠡᠬᠡ ᠤᠯᠤᠰ ᠪᠣᠯᠤᠨ ᠠᠷᠠᠳ ᠲᠦᠮᠡᠨ ᠳᠡᠭᠡᠨ ᠭᠠᠪᠢᠶ᠎ᠠ ᠵᠢᠳᠬᠦᠯ ᠪᠠᠶᠢᠭᠤᠯᠵᠤ᠂ ᠨᠤᠲᠤᠭ ᠤᠰᠤᠨ ᠤ ᠠᠬᠠᠰ ᠵᠠᠬᠠᠰ ᠲᠠᠭᠠᠨ ᠡᠷᠲᠡᠬᠡᠨ ᠠᠮᠵᠢᠯᠲᠠ ᠶᠢᠨ ᠴᠢᠮᠡᠭᠡ ᠳᠠᠮᠵᠢᠭᠤᠯᠬᠤ ᠶᠢ ᠬᠦᠰᠡᠪᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ