ᠵᠠᠯᠠᠨ ᠠᠶᠢᠯ ᠬᠤᠲᠠ 2024 ᠣᠨ ᠤ ᠠᠶᠤᠯᠭᠦᠶ ᠦᠢᠯᠡᠳᠪᠦᠷᠢᠯᠡᠯ ᠵᠢᠴᠢ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/25
1.jpg   
2.jpg
3.jpg
    3 ᠰᠠᠷ᠎ᠠ ᠶᠢᠨ 18 ᠤ ᠡᠳᠦᠷ᠂ ᠵᠠᠯᠠᠨ ᠠᠶᠢᠯ ᠬᠤᠲᠠ 2024 ᠣᠨ ᠤ ᠠᠶᠤᠯᠭᠦᠶ ᠦᠢᠯᠡᠳᠪᠦᠷᠢᠯᠡᠯ ᠵᠢᠴᠢ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠦ᠋ ᠴᠧᠨ ᠳ᠋ᠦᠩ ᠬᠤᠷᠠᠯ ᠢ ᠡᠷᠭᠢᠯᠡᠵᠦ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠦ ᠶᠠ ᠭᠤᠸᠠᠩ᠂ ᠬᠠᠨ ᡁᠢ ᠯᠢ᠂ ᠸᠠᠩ ᠪᠠᠶ ᠺᠦᠶ ᠵᠢᠴᠢ ᠡᠯ᠎ᠡ ᠬᠤᠯᠪᠣᠭᠳᠠᠯ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠭᠤᠤᠯ ᠬᠤᠷᠠᠯ ᠤᠨ ᠲᠠᠯᠠᠪᠠᠶ ᠳᠤ ᠣᠷᠣᠯᠴᠠᠵᠤ᠂ ᠡᠯ᠎ᠡ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ᠂ ᠲᠣᠰᠬᠤᠨ ︵ᠰᠠᠭᠤᠭᠠᠯᠢ ᠠᠷᠠᠳ︶ ᠵᠢᠴᠢ ᠣᠶ ᠰᠢᠭᠤᠶ ᠶᠢᠨ ᠲᠠᠯᠠᠪᠠᠶ ᠶᠢᠨ ᠬᠠᠷᠢᠭᠤᠴᠠᠯᠭᠠᠲᠠᠨ ᠨᠥᠬᠦᠳ ᠬᠠᠷᠢᠶ᠎ᠠ ᠭᠠᠵᠠᠷ ᠤᠨ ᠬᠤᠪᠢᠶᠠᠷᠢ ᠬᠤᠷᠠᠯ ᠤᠨ ᠲᠠᠯᠠᠪᠠᠶ ᠳᠤ ᠣᠷᠣᠯᠴᠠᠪᠠ᠃    ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ ᠴᠢᠩᠭᠠᠳᠬᠠᠵᠤ᠂ ᠵᠣᠭᠰᠣᠴᠠ ᠪᠠᠨ ᠳᠡᠭᠡᠭᠰᠢᠯᠡᠭᠦᠯᠵᠦ᠂ ᠠᠷᠭ᠎ᠠ  ᠬᠡᠮᠵᠢᠶ᠎ᠡ ᠪᠠᠨ ᠨᠠᠷᠢᠯᠢᠬᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠠᠶᠤᠯᠭᠦᠢ ᠦᠢᠯᠡᠳᠪᠦᠷᠢᠯᠡᠯ ᠢ ᠲᠥᠪᠯᠡᠷᠡᠭᠦᠯᠦᠨ ᠠᠷᠢᠯᠭᠠᠬᠤ ᠪᠣᠭᠤᠮᠲᠠ ᠰᠢᠪᠲᠤᠯᠬᠤ ᠶᠢ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠡᠯ᠎ᠡ ᠱᠠᠲᠤᠨ ᠤ ᠠᠶᠤᠯᠭᠦᠢ ᠦᠢᠯᠡᠳᠪᠦᠷᠢᠯᠡᠯ ᠤᠨ ᠬᠢᠨᠠᠨ ᠵᠢᠯᠣᠭᠤᠳᠴᠤ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ︽ᠬᠠᠮᠠᠭᠠᠯᠠᠯᠲᠠ ᠶᠢᠨ ᠲᠣᠣᠷ︾ ᠢ ᠨᠢᠭᠲᠠ ᠰᠦᠯᠵᠢᠬᠦ ᠬᠡᠷᠡᠭᠲᠡᠢ᠃ ᠪᠠᠶᠢᠳᠠᠯ ᠢ ᠲᠣᠳᠣᠷᠬᠠᠢ ᠲᠠᠨᠢᠵᠤ᠂ ᠬᠠᠷᠢᠭᠤᠴᠠᠯᠭ᠎ᠠ ᠶᠢ ᠪᠣᠳᠠᠲᠠᠢ ᠡᠭᠦᠷᠭᠡᠯᠡᠵᠦ᠂ ᠪᠡᠯᠡᠳᠬᠡᠯ ᠢ ᠭᠦᠢᠴᠡᠳ ᠬᠢᠵᠦ᠂ ᠳᠡᠭᠡᠳᠦ ᠬᠡᠮᠵᠢᠶᠡᠨ ᠤ ᠰᠡᠷᠡᠮᠵᠢ ᠲᠠᠢ ᠪᠠᠶᠢᠵᠤ᠂ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠢᠳᠡᠪᠬᠢᠲᠡᠢ ᠪᠠᠷ ᠴᠡᠷᠢᠭ ᠢᠶᠠᠨ ᠪᠣᠯᠪᠠᠰᠤᠷᠠᠭᠤᠯᠤᠨ ᠳᠠᠶᠢᠨ ᠳᠤ ᠪᠡᠯᠡᠳᠬᠡᠵᠦ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ︽ᠰᠡᠷᠭᠡᠶᠢᠯᠡᠯᠲᠡ ᠶᠢᠨ ᠬᠡᠷᠡᠮ︾ ᠢ ᠪᠦᠬᠦ ᠬᠦᠴᠦᠨ ᠢᠶᠠᠷ ᠢᠶᠠᠨ ᠪᠠᠬᠢᠵᠢᠭᠦᠯᠬᠦ ᠬᠡᠷᠡᠭᠲᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠠᠶᠤᠯᠭᠦᠶ ᠦᠢᠯᠡᠳᠪᠦᠷᠢᠯᠡᠯ ᠪᠠ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠢᠮᠠᠭᠲᠠ ᠠᠷᠠᠳ ᠲᠦᠮᠡᠨ ᠤ ᠠᠮᠢ ᠨᠠᠰᠤ ᠡᠳ᠋ ᠬᠦᠷᠦᠩᠬᠡ ᠳᠤ ᠳᠡᠭᠡᠳᠦ  ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠡᠯ᠎ᠡ ᠲᠦᠷᠦᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠢᠮᠠᠭᠲᠠ ︽ᠰᠠᠭᠤᠵᠤ ᠳᠡᠶᠢᠯᠬᠦ ᠥᠬᠡᠶ᠂ ᠬᠦᠯᠢᠶᠡᠵᠦ ᠳᠡᠶᠢᠯᠬᠦ ᠥᠬᠡᠶ᠂ ᠤᠳᠠᠭᠠᠰᠢᠷᠠᠭᠤᠯᠵᠤ ᠪᠣᠯᠬᠤ ᠥᠬᠡᠶ︾ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠷ ᠢᠳᠡᠪᠬᠢᠲᠡᠶ ᠪᠥᠭᠡᠳ ᠪᠦᠲᠦᠮᠵᠢᠲᠡᠶ᠂ ᠴᠢᠩᠭ᠎ᠠ ᠬᠦᠴᠦᠲᠡᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠣᠶ ᠰᠢᠭᠤᠶ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠥᠨᠳᠥᠷ ᠬᠢᠷᠢ ᠲᠦᠪᠰᠢᠨ ᠪᠥᠬᠦᠶ ᠠᠮᠤᠷ ᠲᠦᠪᠰᠢᠨ ᠢᠶᠠᠷ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠪᠠᠲᠤᠯᠠᠬᠤ ᠬᠡᠷᠡᠭᠲᠡᠶ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ