ᠬᠤᠲᠠ ᠪᠠᠯᠭᠠᠰᠤᠨ ᠤ 1200 ᠲᠦᠮᠡ ᠠᠴᠠ ᠳᠡᠭᠡᠭᠰᠢ ᠬᠥᠮᠥᠨ ᠳᠤ ᠠᠵᠢᠯ ᠣᠯᠭᠤᠵᠤ᠂ ᠬᠤᠲᠠ ᠪᠠᠯᠭᠠᠰᠤᠨ ᠤ ᠪᠠᠶᠢᠴᠠᠭᠠᠯᠲᠠ ᠶᠢᠨ ᠠᠵᠢᠯ ᠠᠯᠳᠠᠯᠲᠠ ᠶᠢᠨ | ᠨᠣᠷᠮ᠎ᠠ ᠶᠢ 5.5% ᠣᠷᠴᠢᠮ ᠪᠣᠯᠭᠠᠨ᠎ᠠ — ᠡᠨᠡ ᠪᠣᠯ 5 ᠤ ᠡᠳᠦᠷ ᠤᠨ ᠬᠢᠨᠠᠨ ᠵᠦᠪᠯᠡᠭᠦᠯᠬᠦ ᠪᠠᠷ ᠳᠡᠪᠰᠢᠭᠦᠯᠦᠭᠰᠡᠨ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠳᠤ ᠲᠣᠬᠢᠷᠠᠭᠤᠯᠤᠭᠰᠠᠨ 2024 ᠣᠨ ᠤ ᠠᠵᠢᠯ ᠣᠯᠭᠤᠯᠲᠠ ᠶᠢᠨ ᠵᠢᠱᠢᠭᠰᠡᠨ ᠬᠠᠷᠠᠯᠲᠠ ᠪᠣᠯᠣᠨ᠎ᠠ᠃ | ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ ᠶᠢᠨ ᠬᠡᠪᠴᠢᠶ᠎ᠡ ᠶᠢ ᠨᠢᠳᠤᠨᠤᠨ ᠤ ︽1200 ᠲᠦᠮᠡ ᠣᠷᠴᠢᠮ︾ ᠪᠠᠶᠢᠭᠰᠠᠨ ᠠᠴᠠ ᠡᠨᠡ | ᠵᠢᠯ ᠤᠨ ︽1200 ᠲᠦᠮᠡ ᠠᠴᠠ ᠳᠡᠭᠡᠭᠰᠢ︾ ᠪᠣᠯᠭᠠᠨ ᠲᠣᠬᠢᠷᠠᠭᠤᠯᠵᠤ᠂ ᠨᠡᠩ ᠢᠳᠡᠪᠬᠢᠲᠡᠢ ᠠᠵᠢᠯ ᠣᠯᠭᠤᠯᠲᠠ ᠶᠢᠨ ᠬᠠᠷᠠᠯᠲᠠ ᠶᠢ ᠳᠤᠷᠠᠳᠤᠨ ᠭᠠᠷᠭᠠᠭᠰᠠᠨ ᠨᠢ | ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠢᠲᠡᠭᠡᠯ ᠵᠣᠷᠢᠭ ᠢ ᠬᠦᠪᠴᠢᠯᠡᠬᠦ ᠨᠡᠩ ᠶᠡᠭᠡ ᠡᠷᠴᠢᠮ ᠲᠠᠢ ᠳᠣᠬᠢᠶ᠎ᠠ ᠶᠢ ᠳᠠᠮᠵᠢᠭᠤᠯᠪᠠ᠃ | ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠂ ᠪᠠᠰᠠ ᠴᠤ ᠠᠵᠤ ᠠᠬᠤᠢ ᠶᠢᠨ ᠬᠥᠭᠵᠢᠯᠲᠡ ᠶᠢᠨ ᠬᠠᠮᠤᠭ ᠤᠨ ᠦᠨᠳᠦᠰᠦᠨ | ᠲᠤᠯᠭᠠᠭᠤᠷᠢ ᠪᠣᠯᠣᠨ᠎ᠠ᠃ ᠡᠨᠡ ᠵᠢᠯ ᠤᠨ ᠬᠠᠷᠠᠯᠲᠠ ᠪᠠᠨ ᠶᠠᠭᠤᠨ ᠳᠤ ᠢᠩᠭᠢᠵᠦ ᠲᠣᠭᠲᠠᠭᠠᠭᠰᠠᠨ ᠪᠤᠢ︖ | ︽ᠡᠨᠡ ᠨᠢ ᠠᠷᠠᠳ ᠤᠨ ᠠᠮᠢᠳᠤᠷᠠᠯ ᠢ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠶᠢ ᠬᠠᠷᠠᠭᠤᠯᠬᠤ ᠪᠥᠭᠡᠳ ᠪᠣᠳᠠᠲᠤ ᠪᠠᠶᠢᠳᠠᠯ ᠳᠤ ᠰᠠᠭᠤᠷᠢᠯᠠᠨ | ᠪᠣᠳᠣᠯᠬᠢᠯᠠᠭᠰᠠᠨ ᠶᠠᠪᠤᠳᠠᠯ ᠮᠥᠨ᠃︾ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠳᠤᠮᠳᠠᠳᠤ ᠤᠯᠤᠰ ᠤᠨ ᠬᠥᠳᠡᠯᠮᠦᠷᠢ ᠪᠠ ᠨᠡᠶᠢᠭᠡᠮ ᠤᠨ | ᠪᠠᠲᠤᠯᠠᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠮᠦᠸᠧ ᠷᠦᠩ ᠢᠯᠡᠷᠬᠡᠶᠢᠯᠡᠬᠦ ᠳᠤ ᠪᠠᠨ᠂ 2024 ᠣᠨ ᠤ ᠠᠵᠤ ᠠᠬᠤᠢ ᠶᠢᠨ | ᠠᠵᠢᠯᠯᠠᠭᠠᠨ ᠤ ᠲᠦᠭᠰᠢᠭᠦᠷᠢ ᠪᠠ ᠥᠷᠢᠰᠦᠯᠳᠦᠭᠡᠨ ᠨᠡᠮᠡᠭᠳᠡᠵᠦ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠬᠤ ᠳᠠᠷᠤᠭᠠᠰᠤ ᠨᠡᠯᠢᠶᠡᠳ ᠶᠡᠭᠡ ᠪᠠᠶᠢᠭ᠎ᠠ ᠪᠠᠶᠢᠳᠠᠯ | ᠳᠣᠣᠷ᠎ᠠ᠂ ᠡᠷᠬᠡᠪᠰᠢ ᠣᠯᠠᠨ ᠲᠦᠮᠡᠨ ᠤ ᠠᠵᠢᠯ ᠣᠯᠬᠤ ᠠᠰᠠᠭᠤᠳᠠᠯ ᠢ ᠰᠢᠢᠳᠪᠦᠷᠢᠯᠡᠬᠦ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠢᠯᠡᠷᠡᠭᠦᠯᠬᠦ ᠬᠡᠷᠡᠭᠲᠡᠢ ᠭᠡᠵᠡᠢ᠃ | ᠡᠨᠡ ᠵᠢᠯ ᠬᠤᠳᠠ ᠪᠠᠯᠭᠠᠰᠤᠨ ᠳᠤ ᠠᠵᠢᠯ ᠣᠯᠬᠤ ᠴᠢᠬᠤᠯᠠᠲᠠᠢ ᠰᠢᠨ᠎ᠡ ᠪᠠᠷ ᠦᠰᠦᠨ ᠪᠤᠶᠢᠵᠢᠭᠰᠠᠨ ᠬᠥᠳᠡᠯᠮᠦᠷᠢ ᠬᠦᠴᠦᠨ ᠦᠷᠭᠦᠯᠵᠢᠯᠡᠨ ᠥᠨᠳᠥᠷ | ᠪᠠᠶᠢᠷᠢᠨ ᠳᠤ ᠪᠠᠶᠢᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠡᠪᠴᠢᠶ᠎ᠡ ᠵᠢᠱᠢᠯᠲᠡ ᠪᠠᠷ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ 1170 ᠲᠦᠮᠡᠨ | ᠬᠥᠮᠥᠨ ᠢ ᠳᠠᠪᠠᠭ᠋ᠤ ᠶᠢᠨ ᠬᠠᠮᠲᠤ ᠪᠠᠰᠠ ᠦᠯᠡᠮᠵᠢ ᠤᠯᠠᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠣᠯᠬᠤ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ | ᠃ ᠡᠶᠢᠮᠦ ᠠᠴᠠ ᠠᠵᠢᠯ ᠣᠯᠭᠤᠯᠲᠠ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠨᠢ ᠲᠦᠢᠯ ᠤᠨ ᠵᠠᠩᠭᠢᠯᠠᠭ᠎ᠠ ᠪᠣᠯᠣᠨ᠎ᠠ᠃ | ᠡᠨᠡ ᠬᠦ ᠬᠠᠷᠠᠯᠲᠠ ᠶᠢ ᠪᠡᠶᠡᠯᠡᠭᠦᠯᠵᠦ ᠴᠢᠳᠠᠨ᠎ᠠ ᠦᠦ︖ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠠᠵᠤ ᠠᠬᠤᠢ ᠶᠢᠨ ᠨᠡᠮᠡᠭᠳᠡᠯ ᠤᠨ ᠵᠢᠱᠢᠯᠲᠡ ᠶᠢᠨ ᠬᠠᠷᠠᠯᠲᠠ ᠶᠢ 5% ᠣᠷᠴᠢᠮ ᠪᠠᠶᠢᠯᠭᠠᠨ᠎ᠠ ᠭᠡᠵᠦ | ᠳᠤᠷᠠᠳᠪᠠ᠃ ᠡᠨᠡ ᠨᠢ ᠶᠠᠭ ᠠᠵᠢᠯ ᠣᠯᠭᠤᠯᠲᠠ ᠶᠢ ᠠᠬᠢᠭᠤᠯᠵᠤ ᠣᠷᠣᠯᠭ᠎ᠠ ᠶᠢ ᠨᠡᠮᠡᠭᠳᠡᠭᠦᠯᠬᠦ ᠵᠡᠷᠭᠡ ᠲᠠᠯ᠎ᠠ ᠪᠠᠷ ᠬᠢ ᠬᠡᠷᠡᠭᠴᠡᠭᠡ ᠶᠢ ᠪᠣᠳᠣᠯᠬᠢᠯᠠᠭᠰᠠᠨ ᠶᠤᠮ᠃ | ︽ᠠᠵᠤ ᠠᠬᠤᠢ ᠶᠢᠨ ᠨᠡᠮᠡᠭᠳᠡᠯ ᠬᠢᠭᠡᠳ ᠠᠵᠢᠯ ᠣᠯᠭᠤᠯᠲᠠ ᠶᠢᠨ ᠬᠤᠯᠪᠣᠯᠳᠤᠨ ᠳᠠᠶᠢᠴᠢᠯᠠᠬᠤ ᠦᠢᠯᠡᠳᠦᠯ ᠠᠴᠠ ᠦᠵᠡᠪᠡᠯ᠂ ᠠᠵᠤ ᠠᠬᠤᠢ ᠶᠢᠨ ᠨᠡᠮᠡᠭᠳᠡᠯ ᠤᠨ | 1 ᠵᠠᠭᠤᠨ ᠤ ᠴᠡᠭ ᠨᠢ 200 ᠭᠠᠷᠤᠢ ᠲᠦᠮᠡᠨ ᠬᠥᠮᠥᠨ ᠤ ᠠᠵᠢᠯ ᠣᠯᠭᠤᠯᠲᠠ ᠶᠢ ᠳᠠᠶᠢᠴᠢᠯᠠᠵᠤ ᠳᠡᠶᠢᠯᠦᠨ᠎ᠡ᠃︾ ᠭᠡᠰᠢᠭᠦᠨ ᠮᠦᠸᠧ ᠷᠦᠩ ᠬᠡᠯᠡᠭᠰᠡᠨ ᠨᠢ᠂ ᠡᠨᠡ | ᠬᠡᠳᠦᠨ ᠵᠢᠯ ᠤᠨ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ᠂ ᠢᠯᠠᠩᠭᠤᠶ᠎ᠠ ᠦᠢᠯᠡᠴᠢᠯᠡᠭᠡᠨ ᠤ ᠦᠢᠯᠡᠰ ᠤᠨ ᠲᠦᠷᠭᠡᠨ ᠬᠥᠭᠵᠢᠯᠲᠡ ᠶᠢᠨ ᠳᠡᠭᠡᠷ᠎ᠡ ᠡᠯ᠎ᠡ | ᠱᠠᠲᠤᠨ ᠤ ᠵᠠᠰᠠᠭ ᠤᠨ ᠣᠷᠳᠣᠨ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠤᠭᠰᠠᠨ ᠠᠴᠠ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠣᠯᠭᠤᠯᠲᠠ ᠶᠢ ᠳᠠᠶᠢᠴᠢᠯᠠᠬᠤ ᠬᠦᠴᠦᠨ ᠲᠣᠭᠲᠠᠭᠤᠨ ᠢᠶᠠᠷ ᠴᠢᠩᠭᠠᠷᠠᠵᠠᠢ ᠭᠡᠪᠡ᠃ | ᠠᠵᠢᠯ ᠣᠯᠭᠤᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠡᠷᠭᠢᠴᠡᠭᠦᠯᠵᠦ ᠦᠵᠡᠪᠡᠯ᠂ ᠥᠩᠭᠡᠷᠡᠭᠰᠡᠨ 3 ᠵᠢᠯ ᠳᠤ᠂ ᠮᠠᠨ ᠤ ᠤᠯᠤᠰ ᠤᠨ ᠵᠢᠯ | ᠪᠦᠷᠢ ᠶᠢᠨ ᠪᠡᠶᠡᠯᠡᠭᠦᠯᠦᠭᠰᠡᠨ ᠬᠤᠳᠠ ᠪᠠᠯᠭᠠᠰᠤᠨ ᠤ ᠰᠢᠨ᠎ᠡ ᠪᠠᠷ ᠠᠵᠢᠯ ᠣᠯᠣᠭᠰᠠᠨ ᠬᠥᠮᠥᠨ 1200 ᠲᠦᠮᠡ ᠶᠢ ᠳᠠᠪᠠᠵᠠᠢ᠃ 2023 ᠣᠨ ᠳᠤ GDP 5. | 2% ᠢᠶᠠᠷ ᠨᠡᠮᠡᠭᠳᠡᠵᠦ᠂ ᠪᠥᠬᠦ ᠤᠯᠤᠰ ᠤᠨ 1244 ᠲᠦᠮᠡᠨ ᠬᠥᠮᠥᠨ ᠳᠤ ᠬᠤᠲᠠ ᠪᠠᠯᠭᠠᠰᠤᠨ ᠳᠤ ᠠᠵᠢᠯ ᠣᠯᠭᠤᠵᠤ᠂ ᠬᠥᠳᠡᠭᠡ ᠲᠣᠰᠬᠤᠨ ᠤ ᠬᠥᠳᠡᠯᠮᠦᠷᠢ | ᠬᠦᠴᠦᠨ ᠤ ᠭᠠᠳᠠᠭᠰᠢ ᠭᠠᠷᠴᠤ ᠠᠵᠢᠯ ᠬᠢᠬᠦ ᠬᠡᠪᠴᠢᠶ᠎ᠡ ᠦᠷᠭᠦᠯᠵᠢᠯᠡᠨ ᠨᠡᠮᠡᠭᠳᠡᠵᠦ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠬᠢᠬᠦ ᠬᠡᠪᠴᠢᠶ᠎ᠡ | 3397 ᠲᠦᠮᠡᠨ ᠬᠥᠮᠥᠨ ᠳᠤ ᠬᠦᠷᠴᠡᠢ᠃ | 2024 ᠣᠨ ᠤ ᠠᠵᠢᠯ ᠣᠯᠭᠤᠯᠲᠠ ᠶᠢᠨ ᠬᠠᠷᠠᠯᠲᠠ ᠶᠢ ᠬᠡᠷᠬᠢᠨ ᠪᠡᠶᠡᠯᠡᠭᠦᠯᠬᠦ ᠪᠤᠢ︖ | — ᠡᠩ ᠲᠡᠷᠢᠭᠦᠨ ᠳᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠴᠢᠩᠭᠠᠳᠬᠠᠬᠤ ᠬᠡᠷᠡᠭᠲᠡᠢ᠃ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ ᠵᠡᠷᠭᠡ ᠲᠥᠷᠥ ᠶᠢᠨ ᠪᠣᠳᠣᠯᠭ᠎ᠠ ᠶᠢᠨ ᠠᠵᠢᠯ | ᠣᠯᠭᠤᠯᠲᠠ ᠶᠢ ᠲᠣᠭᠲᠠᠪᠤᠷᠢᠵᠢᠭᠤᠯᠬᠤ ᠳᠤ ᠦᠵᠡᠭᠦᠯᠬᠦ ᠳᠡᠮᠵᠢᠯᠭᠡ ᠶᠢ ᠴᠢᠩᠭᠠᠳᠬᠠᠵᠤ᠂ ᠠᠵᠢᠯ ᠣᠯᠭᠤᠯᠲᠠ ᠶᠢ ᠠᠬᠢᠭᠤᠯᠬᠤ ᠲᠤᠰᠬᠠᠢ ᠲᠥᠷᠥ ᠶᠢᠨ ᠪᠣᠳᠣᠯᠭ᠎ᠠ ᠶᠢᠨ | ᠡᠷᠴᠢᠮ ᠢ ᠴᠢᠩᠭᠠᠷᠠᠭᠤᠯᠤᠨ᠎ᠠ ᠭᠡᠵᠦ ᠳᠤᠷᠠᠳᠪᠠ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠤᠴᠠᠭᠠᠯᠲᠠ᠂ ᠲᠤᠰᠬᠠᠢ ᠵᠢᠭᠡᠯᠡᠯᠭᠡ᠂ ᠠᠵᠢᠯ ᠣᠯᠭᠤᠯᠲᠠ ᠪᠠ | ᠨᠡᠶᠢᠭᠡᠮ ᠤᠨ ᠪᠠᠲᠤᠯᠠᠭ᠎ᠠ ᠶᠢᠨ ᠨᠥᠬᠦᠪᠦᠷᠢ ᠵᠡᠷᠭᠡ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ | ᠪᠠᠭᠲᠠᠭᠠᠮᠵᠢ ᠪᠠᠷ ᠶᠡᠭᠡ ᠠᠵᠢᠯ ᠲᠦᠷᠦᠯ ᠤᠨ ᠠᠵᠤ ᠠᠬᠤᠶᠢᠯᠠᠯ ᠢ ᠳᠡᠮᠵᠢᠬᠦ ᠪᠠᠨ ᠴᠢᠩᠭᠠᠳᠬᠠᠨ᠎ᠠ᠃ | — ᠳᠠᠷᠠᠭᠠᠯᠠᠪᠠᠯ᠂ ᠭᠤᠣᠯᠳᠠᠯᠭ᠎ᠠ ᠲᠠᠢ ᠬᠦᠮᠦᠰ ᠤᠨ ᠠᠵᠢᠯ ᠣᠯᠬᠤ ᠶᠢ ᠬᠠᠪᠰᠤᠷᠤᠨ ᠲᠡᠳᠬᠦᠬᠦ ᠶᠢ ᠳᠣᠪᠤᠶᠢᠯᠭᠠᠬᠤ ᠬᠡᠷᠡᠭᠲᠡᠢ᠃ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠵᠠᠯᠠᠭᠤᠴᠤᠳ ᠤᠨ ᠠᠵᠢᠯ ᠣᠯᠬᠤ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠴᠢᠩᠭᠠᠳᠬᠠᠵᠤ᠂ ᠠᠵᠢᠯ ᠣᠯᠵᠤ ᠦᠢᠯᠡᠰ ᠪᠣᠰᠬᠠᠬᠤ ᠶᠢ ᠵᠢᠯᠤᠭᠤᠳᠬᠤ ᠦᠢᠯᠡᠴᠢᠯᠡᠭᠡ ᠶᠢ ᠰᠢᠯᠢᠳᠡᠭᠵᠢᠭᠦᠯᠬᠦ ᠬᠡᠷᠡᠭᠲᠡᠢ ᠭᠡᠵᠦ ᠲᠣᠳᠣᠷᠬᠠᠶᠢᠯᠠᠪᠠ᠃ ᠲᠥᠯᠥᠪᠯᠡᠭᠡ ᠶᠢᠨ | ᠮᠡᠳᠡᠭᠦᠯᠦᠯᠲᠡ ᠳᠤ᠂ ᠲᠡᠷᠢᠭᠦᠨ ᠤ ᠦᠢᠯᠡᠳᠬᠦ ᠦᠢᠯᠡᠰ ᠤᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠠᠵᠢᠯ ᠣᠯᠭᠤᠯᠲᠠ ᠶᠢᠨ | ᠨᠡᠮᠡᠭᠳᠡᠯ ᠤᠨ ᠴᠡᠭ ᠢ ᠥᠷᠭᠡᠳᠬᠡᠨ᠎ᠡ᠃ ᠵᠠᠯᠠᠭᠤᠴᠤᠳ ᠤᠨ ᠠᠵᠢᠯ ᠣᠯᠭᠤᠯᠲᠠ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠦᠨ᠎ᠡ᠃ | ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠵᠡᠷᠭᠡ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠵᠢᠯ ᠤᠨ | ᠪᠠᠶᠢᠷᠢ ᠶᠢᠨ ᠤᠷᠢᠨ ᠬᠡᠷᠡᠭᠯᠡᠬᠦ ︵ᠡᠯᠰᠡᠬᠦ︶ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ ᠭᠡᠵᠦ ᠳᠤᠷᠠᠳᠪᠠ᠃ | ᠲᠥᠰᠥᠪ ᠤᠨ ᠮᠡᠳᠡᠭᠦᠯᠦᠯᠲᠡ ᠶᠢ ᠦᠨᠳᠦᠰᠦᠯᠡᠪᠡᠯ᠂ 2024 ᠣᠨ ᠳᠤ᠂ ᠲᠥᠪ ᠤᠨ ᠡᠳ᠋ ᠤᠨ ᠵᠠᠰᠠᠭ 667 ᠳ᠋ᠦᠩᠰᠢᠭᠤᠷ ᠲᠥᠭᠦᠷᠢᠭ ᠤᠨ ᠠᠵᠢᠯ | ᠣᠯᠭᠤᠯᠲᠠ ᠶᠢᠨ ᠨᠥᠬᠦᠪᠦᠷᠢ ᠪᠡᠯᠡ ᠮᠥᠩᠭᠦ ᠲᠣᠬᠢᠷᠠᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠰᠠᠳ᠂ ᠠᠵᠢᠯ ᠣᠯᠬᠤ ᠳᠤ | ᠬᠦᠴᠢᠷᠲᠡᠢ ᠬᠦᠮᠦᠰ ᠵᠡᠷᠭᠡ ᠶᠢᠨ ᠠᠵᠢᠯ ᠣᠯᠵᠤ ᠦᠢᠯᠡᠰ ᠪᠤᠰᠬᠠᠬᠤ ᠶᠢ ᠭᠤᠣᠯᠳᠠᠯᠭ᠎ᠠ ᠲᠠᠢ ᠳᠡᠮᠵᠢᠬᠦ ᠪᠠᠷ ᠲᠥᠯᠥᠪᠯᠡᠵᠦ ᠪᠤᠢ᠃ | — ᠡᠭᠦᠨ ᠠᠴᠠ ᠭᠠᠳᠠᠨ᠎ᠠ᠂ ᠬᠠᠩᠭᠠᠯᠭ᠎ᠠ ᠬᠡᠷᠡᠭᠴᠡᠭᠡ ᠶᠢᠨ ᠵᠣᠬᠢᠴᠠᠯ ᠢ ᠴᠢᠩᠭᠠᠳᠬᠠᠵᠤ᠂ ᠠᠵᠢᠯ ᠣᠯᠭᠤᠯᠲᠠ ᠶᠢᠨ ᠣᠷᠣᠨ ᠵᠠᠢ ᠶᠢ ᠥᠷᠭᠡᠳᠬᠡᠬᠦ ᠬᠡᠷᠡᠭᠲᠡᠢ᠃ | | ᠲᠥᠯᠥᠪᠯᠡᠭᠡ ᠶᠢᠨ ᠮᠡᠳᠡᠭᠦᠯᠦᠯᠲᠡ ᠳᠤ᠂ ᠡᠳᠦᠷ ᠤᠨ ᠬᠦᠴᠦ ᠶᠠᠪᠤᠭᠰᠠᠳ ᠤᠨ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠴᠢᠩᠭᠠᠳᠬᠠᠵᠤ᠂ ᠠᠮᠢᠳᠤᠯᠢᠭ ᠢᠶᠠᠷ | ᠠᠵᠢᠯ ᠣᠯᠬᠤ ᠶᠢ ᠣᠯᠠᠨ ᠠᠷᠭ᠎ᠠ ᠵᠠᠮ ᠢᠶᠠᠷ ᠠᠬᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠮᠡᠷᠭᠡᠵᠢᠯ ᠤᠨ | ᠪᠠᠶᠢᠷᠢᠰᠢᠭᠤᠯᠤᠯᠲᠠ ᠶᠢᠨ ᠪᠦᠲᠦᠴᠡ ᠶᠢ ᠲᠣᠬᠢᠷᠠᠭᠤᠯᠬᠤ ᠶᠢ ᠲᠦᠷᠭᠡᠳᠬᠡᠵᠦ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠮᠡᠷᠭᠡᠵᠢᠯ ᠤᠨ | ᠲᠣᠬᠢᠷᠠᠭᠤᠯᠤᠯᠲᠠ ᠪᠠ ᠴᠢᠳᠠᠪᠤᠷᠢᠲᠠᠨ ᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠨᠡᠩ ᠵᠣᠬᠢᠴᠠᠭᠤᠯᠬᠤ ᠶᠢ ᠠᠬᠢᠭᠤᠯᠵᠤ᠂ ᠵᠠᠭᠤᠨ ᠲᠦᠮᠡᠨ ᠵᠠᠯᠠᠭᠤᠴᠤᠳ ᠤᠨ ᠠᠵᠢᠯ | ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠢ ᠦᠷᠨᠢᠭᠦᠯᠦᠨ᠎ᠡ ᠭᠡᠵᠦ ᠳᠤᠷᠠᠳᠪᠠ᠃ |