ᠬᠠᠲᠦ ᠭᠤᠣᠯ ᠪᠠᠯᠭᠠᠰᠤ ᠨᠢᠭᠡᠳᠦᠭᠡᠷ ᠤᠯᠠᠷᠢᠯ ᠤᠨ ᠪᠤᠴᠠᠵᠤ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/26
    3 ᠰᠠᠷ᠎ᠠ ᠶᠢᠨ 18 ᠤ ᠡᠳᠦᠷ᠂ ᠬᠠᠳᠤ ᠭᠤᠣᠯ ᠪᠠᠯᠭᠠᠰᠤ ᠨᠢᠭᠡᠳᠦᠭᠡᠷ ᠤᠯᠠᠷᠢᠯ ᠤᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠰᠡᠷᠭᠡᠶᠢᠯᠡᠬᠦ ᠶᠢ ᠬᠢᠨᠠᠨ ᠬᠡᠮᠵᠢᠬᠦ ᠠᠵᠢᠯ ᠤᠨ ᠬᠤᠷᠠᠯ ᠬᠤᠷᠠᠯᠳᠤᠭᠤᠯᠪᠠ᠃  ᠬᠠᠳᠤ ᠭᠤᠣᠯ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠲᠣᠰᠬᠤᠨ ᠤ ᠰᠠᠭᠤᠭᠠᠯᠢ ᠠᠷᠠᠳ ᠤᠨ ᠱᠦᠵᠢ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂  ᠬᠠᠳᠤ ᠭᠤᠣᠯ ᠪᠠᠯᠭᠠᠰᠤ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠳᠡᠭᠡᠳᠦ ᠱᠠᠲᠤᠨ ᠤ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠠᠵᠢᠯ ᠤᠨ ᠬᠠᠮᠢᠶ᠎ᠠ ᠪᠦᠬᠦᠢ ᠪᠢᠴᠢᠭ ᠮᠠᠲᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠠᠵᠢᠯ ᠤᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠴᠢᠬᠤᠯᠠᠴᠢᠯᠠᠭᠰᠠᠨ ᠪᠥᠭᠡᠳ ᠨᠢᠭᠡᠳᠦᠭᠡᠷ ᠤᠯᠠᠷᠢᠯ ᠤᠨ  ᠬᠠᠳᠤ ᠭᠤᠣᠯ ᠪᠠᠯᠭᠠᠰᠤ ᠶᠢᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠠᠵᠢᠯ ᠤᠨ ᠲᠤᠬᠠᠢ ᠨᠠᠷᠢᠨ ᠨᠢᠭᠲᠠ ᠳᠤᠬᠢᠷᠠᠭᠤᠯᠤᠯᠳᠠ ᠪᠠ ᠨᠠᠷᠢᠨ ᠨᠢᠭᠲᠠ ᠪᠠᠶᠢᠷᠢᠯᠠᠭᠤᠯᠤᠯᠲᠠ ᠬᠢᠵᠡᠢ᠃     ᠳᠠᠷᠠᠭ᠎ᠠ ᠳᠤᠨᠢ᠂ ᠡᠯ᠎ᠡ ᠲᠣᠰᠬᠤᠨ ᠤ ᠰᠠᠭᠤᠭᠠᠯᠢ ᠠᠷᠠᠳ ᠤᠨ ᠱᠦᠵᠢ ᠨᠡᠷ ᠲᠤᠰ ᠲᠣᠰᠬᠤᠨ ᠤ ᠰᠠᠭᠤᠭᠠᠯᠢ ᠠᠷᠠᠳ ᠤᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃ ᠡᠯ᠎ᠡ ᠲᠣᠰᠬᠤᠨ ᠤ ᠣᠷᠣᠨ ᠰᠠᠭᠤᠴᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠲᠠᠷᠠᠭ᠎ᠠ᠂ ᠨᠠᠮ ᠤᠨ ᠬᠤᠷᠢᠶᠠᠨ ᠤ ᠱᠦᠵᠢ ᠵᠠᠩ ᠯᠢ ᠭᠦᠸᠧ ᠲᠤᠰ ᠠᠵᠢᠯ ᠢ ᠥᠷᠨᠢᠭᠦᠯᠬᠦ ᠲᠤᠬᠠᠢ ᠲᠠᠬᠢᠨ ᠴᠢᠬᠤᠯᠠᠴᠢᠯᠠᠭᠰᠠᠨ ᠪᠠᠶᠢᠨ᠎ᠠ᠃ ᠲᠡᠷᠡ ᠵᠢᠭᠠᠵᠤ ᠭᠠᠷᠭᠠᠭᠰᠠᠨ ᠨᠢ᠂ ᠡᠩ ᠲᠡᠷᠢᠭᠦᠨ ᠳᠤ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠠᠵᠢᠯ ᠢ ᠣᠳᠣᠬᠠᠨ ᠤ ᠭᠤᠤᠯᠳᠠᠯᠭ᠎ᠠ ᠲᠠᠢ ᠠᠵᠢᠯ ᠪᠣᠯᠭᠠᠨ ᠠᠳᠬᠤᠬᠤ ᠬᠡᠷᠡᠭᠲᠡᠶ᠃ ᠳᠠᠷᠠᠭ᠎ᠠ ᠨᠢ ᠳᠡᠭᠡᠳᠦ ᠱᠠᠲᠤᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠵᠢᠭᠰᠠᠭᠠᠨ ᠪᠠᠶᠢᠴᠠᠭᠠᠬᠤ ᠲᠥᠰᠦᠯ ᠲᠣᠭᠲᠠᠭᠠᠵᠤ᠂ ᠠᠵᠢᠯ ᠤᠨ ᠡᠭᠦᠷᠭᠡ ᠪᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠨ᠂ ᠵᠢᠭᠰᠠᠭᠠᠨ ᠪᠠᠶᠢᠴᠠᠭᠠᠬᠤ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ᠃ ᠳᠠᠬᠢᠨᠲᠠ ᠤᠬᠠᠭᠤᠯᠤᠨ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠠᠵᠢᠯ ᠤᠨ ᠲᠤᠬᠠᠶ ᠣᠯᠠᠨ ᠲᠦᠮᠡᠨ ᠤ ᠲᠠᠨᠢᠯᠲᠠ ᠪᠠ ᠣᠶᠢᠯᠠᠭᠠᠯᠲᠠ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠣᠷᠣᠯᠴᠠᠬᠤ ᠬᠡᠮᠵᠢᠶ᠎ᠡ ᠪᠠ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠬᠦ ᠬᠡᠷᠡᠭᠲᠡᠶ᠃     ᠬᠤᠷᠠᠯ ᠠᠴᠠ ᠱᠠᠭᠠᠷᠳᠠᠭᠰᠠᠨ ᠨᠢ᠂ ᠡᠯ᠎ᠡ ᠲᠣᠰᠬᠤᠨ ᠤ ᠰᠠᠭᠤᠭᠠᠯᠢ ᠠᠷᠠᠳ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠴᠢᠩᠭᠠᠳᠬᠠᠵᠤ᠂ ᠵᠢᠭᠰᠠᠭᠠᠨ ᠪᠠᠶᠢᠴᠠᠭᠠᠬᠤ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠠᠵᠢᠯ ᠢᠶᠠᠨ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ︔ ᠡᠭᠦᠨ ᠤ ᠬᠠᠮᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ ᠯᠦᠭᠡ ᠶᠢᠨ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠪᠥᠬᠦ ᠪᠠᠯᠭᠠᠰᠤ ᠪᠠᠷ ᠢᠶᠠᠨ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂  ᠬᠠᠳᠤ ᠭᠤᠤᠯ ᠪᠠᠯᠭᠠᠰᠤ ᠶᠢᠨ ᠨᠢᠭᠡᠳᠦᠭᠡᠷ ᠤᠯᠠᠷᠢᠯ ᠤᠨ ᠪᠤᠴᠠᠵᠤ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠭᠤᠤᠯᠳᠠᠯᠭ᠎ᠠ ᠲᠠᠢ ᠬᠢᠨᠠᠨ ᠪᠠᠶᠢᠴᠠᠭᠠᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ