ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠬᠠᠪᠤᠷ ᠤᠨ ᠤᠯᠠᠷᠢᠯ ᠤᠨ ᠬᠠᠤᠯᠢ ᠬᠡᠷᠡᠭᠵᠢᠭᠦᠯᠬᠦ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/3/4
     ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠳᠠᠯ ᠦᠭᠡᠶ ᠬᠦᠷᠴᠦ ᠢᠷᠡᠬᠦ᠌   ᠲᠠᠰᠢᠷᠡᠮ ᠳᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ  ᠪᠠᠲᠣᠯᠠᠨ ᠂ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠲᠠᠷᠢᠶᠠᠴᠢᠨ ᠲᠦᠮᠡᠨ ᠳᠤ ᠠᠮᠤᠷ ᠲᠦᠪᠰᠢᠨ ᠪᠥᠭᠡᠳ ᠰᠠᠨᠠᠭ᠎ᠠ ᠠᠮᠤᠷ ᠲᠠᠷᠢᠶᠠᠯᠠᠩ ᠤᠨ  ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠢ ᠬᠤᠳᠠᠯᠳᠤᠨ ᠠᠪᠤᠭᠤᠯᠵᠤ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠳᠣᠤᠷ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠷᠢᠳᠴᠢᠯᠠᠨ ᠪᠡᠯᠡᠳᠬᠡᠵᠦ ᠤᠷᠢᠳᠴᠢᠯᠠᠨ ᠬᠥᠳᠡᠯᠦᠯᠴᠡᠵᠦ᠂ 2 ᠰᠠᠷ᠎ᠠ ᠶᠢᠨ 26      ᠤ ᠡᠳᠦᠷ ᠠᠴᠠ 28      ᠤ ᠡᠳᠦᠷ ᠪᠣᠯᠲᠠᠯ᠎ᠠ ᠰᠢᠶᠠᠩ ᠪᠠᠯᠭᠠᠰᠤᠨ ᠤ ᠲᠠᠷᠢᠶᠠᠯᠠᠩ ᠤᠨ  ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠭᠤᠤᠯ ᠴᠣᠭᠴᠠ ᠳᠤ ᠭᠦᠨᠵᠡᠭᠡᠶᠢᠷᠡᠨ᠂ ᠲᠠᠷᠢᠶᠠᠯᠠᠩ ᠤᠨ  ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯᠯᠠᠭ᠎ᠠ  ᠦᠷᠨᠢᠭᠦᠯᠪᠡ᠃    ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠲᠠᠷᠢᠶᠠᠯᠠᠩ  ᠦᠢᠯᠡᠳᠪᠦᠷᠢᠯᠡᠯ ᠬᠡᠷᠡᠭᠰᠡᠯ ᠤᠨ ᠪᠣᠷᠣᠯᠠᠭᠤᠯᠭ᠎ᠠ ᠶᠢᠨ ᠳᠡᠯᠭᠡᠭᠦᠷ ᠲᠤ ᠪᠣᠷᠣᠯᠠᠭᠤᠯᠵᠤ ᠪᠠᠶᠢᠭ᠎ᠠ ᠪᠣᠷᠳᠣᠭᠤᠷ ᠤᠨ ᠳᠡᠩᠰᠡᠯᠡᠯᠲᠡ ᠶᠢᠨ ᠦᠨᠡᠮᠯᠡᠯ ᠤᠨ ᠨᠣᠮᠧᠷ᠂ ᠳᠡᠩᠰᠡᠯᠡᠯᠲᠡ ᠶᠢᠨ ᠦᠨᠡᠮᠯᠡᠯ ᠤᠨ ᠨᠣᠮᠧᠷ ᠢ ᠪᠠᠶᠢᠴᠠᠭᠠᠵᠤ᠂ ᠪᠣᠷᠳᠣᠭᠤᠷ ᠤᠨ ᠱᠣᠰᠢᠭ᠎ᠠ ᠲᠡᠮᠳᠡᠭ ᠨᠢ ᠲᠣᠳᠣᠷᠬᠠᠶ ᠪᠥᠭᠡᠳ ᠪᠦᠷᠢᠨ ᠪᠦᠲᠦᠨ ᠪᠠᠶᠢᠬᠤ ᠡᠰᠡᠬᠦ᠂ ᠱᠣᠰᠢᠭ᠎ᠠ ᠶᠢᠨ ᠠᠭᠤᠯᠭ᠎ᠠ ᠳᠤ ᠵᠠᠰᠠᠪᠤᠷᠢ ᠣᠷᠣᠭᠤᠯᠤᠭᠰᠠᠨ ᠡᠰᠡᠬᠦ ᠪᠠᠶᠢᠳᠠᠯ ᠢ ᠪᠠᠶᠢᠴᠠᠭᠠᠪᠠ᠃ ᠪᠣᠷᠳᠣᠭᠤᠷ᠂ ᠲᠠᠷᠢᠶᠠᠨ ᠡᠮ ᠢ ᠬᠤᠳᠠᠯᠳᠤᠨ ᠠᠪᠤᠭᠰᠠᠨ ᠪᠠ ᠪᠣᠷᠣᠯᠠᠭᠤᠯᠤᠭᠰᠠᠨ ᠡᠬᠡ ᠳᠠᠩᠰᠠ ᠶᠢ ᠪᠠᠶᠢᠴᠠᠭᠠᠨ ᠦᠵᠡᠵᠦ᠂ ᠡᠵᠡᠩᠨᠡᠭᠴᠢᠳ ᠢ ᠬᠤᠳᠠᠯᠳᠤᠨ ᠠᠪᠤᠭᠰᠠᠨ ᠪᠠ ᠪᠣᠷᠣᠯᠠᠭᠤᠯᠤᠭᠰᠠᠨ ᠡᠬᠡ ᠳᠠᠩᠰᠠ ᠪᠠᠨ ᠴᠠᠭ ᠲᠤᠬᠠᠶ ᠳᠤᠨᠢ ᠰᠢᠨᠡᠳᠬᠡᠬᠦ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ ᠲᠠᠷᠢᠶᠠᠯᠠᠩ  ᠦᠢᠯᠡᠳᠪᠦᠷᠢᠯᠡᠯ ᠤᠨ ᠬᠡᠷᠡᠭᠰᠡᠯ ᠤᠨ ᠪᠣᠷᠣᠯᠠᠭᠤᠯᠭ᠎ᠠ ᠶᠢᠨ ᠳᠡᠯᠭᠡᠭᠦᠷ ᠤᠨ ᠡᠵᠡᠩᠨᠡᠯᠲᠡ ᠶᠢᠨ ᠦᠨᠡᠮᠯᠡᠯ ᠨᠢ ᠪᠦᠷᠢᠨ ᠭᠦᠢᠴᠡᠳ ᠪᠠᠶᠢᠬᠤ ᠡᠰᠡᠬᠦ᠂ ᠪᠤᠷᠳᠤᠭᠤᠷ᠂ ᠲᠠᠷᠢᠶᠠᠨ ᠡᠮ ᠵᠡᠷᠭᠡ ᠲᠠᠷᠢᠶᠠᠯᠠᠩ ᠳᠤ ᠬᠡᠷᠡᠭᠯᠡᠬᠦ ᠡᠳ᠋ ᠪᠣᠳᠠᠰ ᠤᠨ ᠪᠣᠭᠤᠳᠠᠯ ᠨᠢ ᠪᠦᠷᠢᠨ ᠪᠦᠲᠦᠨ ᠪᠠᠶᠢᠬᠤ ᠡᠰᠡᠬᠦ᠂ ᠬᠠᠭᠤᠷᠮᠠᠭ ᠮᠠᠭᠤ ᠪᠤᠷᠳᠤᠭᠤᠷ ᠵᠢᠴᠢ ᠬᠤᠭᠤᠴᠠᠭ᠎ᠠ ᠥᠩᠭᠡᠷᠡᠭᠰᠡᠨ ᠲᠠᠷᠢᠶᠠᠨ ᠡᠮ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠢ ᠪᠣᠷᠣᠯᠠᠭᠤᠯᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠨᠠᠷᠢᠨ ᠪᠠᠶᠢᠴᠠᠭᠠᠪᠠ᠃ ᠲᠠᠷᠢᠶᠠᠯᠠᠩ‌ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠭᠴᠢ ᠶᠢ ᠪᠤᠷᠳᠤᠭᠤᠷ ᠬᠤᠳᠠᠯᠳᠤᠨ ᠠᠪᠤᠭᠤᠯᠬᠤ ᠪᠠᠷ ᠱᠠᠭᠠᠷᠳᠠᠬᠤ ᠳᠠᠭᠠᠨ ᠪᠠᠷᠠᠭ᠎ᠠ ᠬᠠᠩᠭᠠᠬᠤ ᠨᠢᠭᠡᠴᠢ ᠠᠴᠠ ᠪᠤᠷᠳᠤᠭᠤᠷ ᠢ ᠳᠠᠩᠰᠠᠯᠠᠭᠤᠯᠤᠭᠰᠠᠨ ᠦᠨᠡᠮᠯᠡᠯ᠂ ᠳᠠᠩᠰᠠᠯᠠᠭᠤᠯᠤᠭᠰᠠᠨ ᠦᠨᠡᠮᠯᠡᠯ ᠪᠠ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠪᠤᠶᠤ ᠦᠢᠯᠡᠳᠪᠦᠷᠢᠯᠡᠬᠦ ᠶᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠪᠠᠭᠤᠯᠭᠠᠪᠤᠷᠢ ᠶᠢ ᠠᠪᠬᠤ ᠬᠡᠷᠡᠭᠲᠡᠶ ᠪᠥᠭᠡᠳ ᠪᠤᠷᠳᠤᠭᠤᠷ ᠤᠨ ᠪᠦᠲᠦᠭᠡᠭᠳᠡᠬᠦᠨ ᠢ ᠪᠦᠲᠦᠭᠡᠭᠳᠡᠬᠦᠨ ᠤ ᠱᠣᠰᠢᠭ᠎ᠠ ᠲᠡᠮᠳᠡᠭ ᠪᠤᠶᠤ ᠲᠣᠳᠣᠷᠬᠠᠶᠢᠯᠠᠯᠲᠠ ᠶᠢᠨ ᠪᠢᠴᠢᠭ᠂ ᠪᠦᠲᠦᠭᠡᠭᠳᠡᠬᠦᠨ ᠤ ᠶᠠᠰᠤ ᠴᠢᠨᠠᠷ ᠤᠨ ᠬᠢᠷᠢ ᠲᠡᠩᠴᠡᠭᠰᠡᠨ ᠦᠨᠡᠮᠯᠡᠯ ᠲᠠᠢ ᠬᠠᠷᠭᠤᠭᠤᠯᠤᠭᠠᠳ ᠡ᠊ᠨᠳᠡᠭᠦᠦ ᠪᠤᠷᠤᠭᠤ ᠦᠭᠡᠢ ᠪᠠᠶᠢᠪᠠᠯ ᠰᠠᠶ᠋ᠢ ᠪᠠᠷᠠᠭ᠎ᠠ ᠣᠷᠣᠭᠤᠯᠵᠤ ᠪᠣᠯᠤᠨ᠎ᠠ᠂ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠲᠠᠸᠠᠷ ᠤᠨ ᠶᠠᠰᠤ ᠴᠢᠨᠠᠷ ᠢ ᠨᠡᠬᠡᠮᠵᠢᠯᠡᠨ ᠬᠢᠨᠠᠵᠤ ᠬᠠᠮᠢᠶᠠᠷᠴᠤ ᠪᠣᠯᠤᠨ᠎ᠠ᠃    ᠡᠭᠦᠨ ᠤ ᠬᠠᠮᠲᠤ ᠪᠤᠷᠳᠤᠭᠤᠷ᠂ ᠲᠠᠷᠢᠶᠠᠨ ᠡᠮ ᠬᠤᠳᠠᠯᠳᠤᠨ ᠠᠪᠬᠤ ᠳᠤ ᠠᠩᠬᠠᠷᠬᠤ ᠵᠦᠢᠯᠡᠰ ᠢ ᠤᠯᠠᠨ ᠲᠦᠮᠡᠨ ᠳᠤ ᠲᠠᠶᠢᠯᠪᠤᠷᠢᠯᠠᠨ ᠥᠭᠴᠦ᠂ ᠬᠤᠳᠠᠯᠳᠤᠨ ᠠᠪᠬᠤ ᠳᠠᠭᠠᠨ ᠪᠣᠷᠣᠯᠠᠭᠤᠯᠬᠤ ᠪᠠᠷᠢᠮᠲᠠ ᠪᠠᠨ ᠨᠡᠬᠡᠨ ᠠᠪᠴᠤ᠂ ᠪᠣᠷᠣᠯᠠᠭᠤᠯᠬᠤ ᠭᠡᠷᠡᠴᠢ ᠪᠠᠷᠢᠮᠲᠠ ᠪᠠᠨ ᠦᠯᠡᠳᠡᠭᠡᠨ ᠬᠠᠳᠠᠭᠠᠯᠠᠬᠤ ᠶᠢᠨ ᠬᠠᠮᠲᠤ ᠤᠬᠠᠭᠤᠯᠬᠤ ᠮᠠᠲ᠋ᠧᠷᠢᠶᠠᠯ ᠢᠶᠠᠨ ᠲᠠᠷᠬᠠᠭᠠᠪᠠ᠃ ᠡᠵᠡᠩᠨᠡᠭᠴᠢᠳ ᠲᠤ ᠬᠠᠮᠢᠶ᠎ᠠ ᠪᠥᠬᠦᠶ ᠮᠡᠳᠡᠯᠭᠡ ᠪᠠ ᠲᠣᠭᠲᠠᠭᠠᠯ ᠢ ᠲᠠᠶᠢᠯᠪᠤᠷᠢᠯᠠᠨ ᠥᠭᠴᠦ᠂ ᠲᠠᠷᠢᠶᠠᠯᠠᠩ  ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠡᠷᠦᠬᠡ ᠶᠢ ᠰᠢᠮᠳᠠᠭᠤᠯᠵᠤ ᠪᠠᠶᠢᠭᠠᠳ ᠦᠨᠡᠨᠴᠢ ᠢᠲᠡᠭᠡᠮᠵᠢᠲᠡᠶ ᠪᠠᠷ ᠬᠠᠤᠯᠢ ᠶᠢ ᠰᠠᠬᠢᠵᠤ ᠡᠵᠡᠩᠨᠡᠬᠦ ᠦᠵᠡᠯ ᠤᠬᠠᠮᠰᠠᠷ ᠢ ᠨᠢ ᠳᠡᠭᠡᠭᠰᠢᠯᠡᠭᠦᠯᠬᠦ ᠬᠡᠷᠡᠭᠲᠡᠶ᠃    ᠲᠠᠷᠠᠭᠠᠴᠢ ᠶᠢᠨ ᠠᠯᠬᠤᠮ ᠳᠤ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠢᠨ ᠪᠣᠷᠲᠣᠭᠤᠷ᠂ ᠲᠠᠷᠢᠶᠠᠨ ᠡᠮ ᠤᠨ ᠬᠠᠤᠯᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠥᠬᠦ ᠬᠤᠲᠠ ᠶᠢᠨ ᠲᠠᠷᠢᠶᠠᠯᠠᠩ ᠤᠨ  ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠲᠤ ᠲᠤᠰᠬᠠᠶ ᠪᠠᠶᠢᠴᠠᠭᠠᠯᠲᠠ ᠬᠢᠵᠦ᠂ ᠬᠢᠷᠢ ᠲᠡᠩᠴᠡᠭᠦ ᠥᠬᠡᠶ ᠲᠠᠷᠢᠶᠠᠯᠠᠩ  ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠲᠤ ᠣᠷᠣᠬᠤ ᠶᠢ ᠴᠢᠩᠭ᠎ᠠ ᠰᠡᠷᠭᠡᠶᠢᠯᠡᠨ᠂ ᠲᠠᠷᠢᠶᠠᠴᠢᠨ ᠲᠦᠮᠡᠨ ᠤ ᠰᠠᠨᠠᠭ᠎ᠠ ᠠᠮᠤᠷ ᠲᠠᠷᠢᠶᠠᠯᠠᠩ  ᠦᠢᠯᠡᠳᠪᠦᠷᠢᠯᠡᠯ ᠤᠨ ᠬᠡᠷᠡᠭᠰᠡᠯ ᠢ ᠬᠡᠷᠡᠭᠯᠡᠬᠦ ᠶᠢ ᠦᠨᠡᠨ ᠬᠦ ᠪᠠᠲᠤᠯᠠᠵᠤ᠂ ᠪᠥᠬᠦ ᠬᠤᠲᠠ ᠶᠢᠨ ᠬᠠᠪᠤᠷ ᠤᠨ ᠲᠠᠷᠢᠶᠠᠯᠠᠭ᠎ᠠ  ᠦᠢᠯᠡᠳᠪᠦᠷᠢᠯᠡᠯ ᠢ ᠬᠠᠮᠠᠭᠠᠯᠠᠨ᠎ᠠ᠃ 
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ