ᠬᠤᠤ ᠷᠤᠤ ᠱᠠᠨ ᠪᠠᠯᠭᠠᠰᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠮᠤᠷ ᠲᠦᠪᠰᠢᠨ ᠤ ᠤᠬᠠᠭᠤᠯᠭ᠎ᠠ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/4
     ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠵᠤ᠂ ᠬᠡᠷᠡᠭᠯᠡᠭᠴᠢᠳ ᠤᠨ ᠠᠮᠤᠷ ᠲᠦᠪᠰᠢᠨ ᠴᠢᠨᠠᠷ ᠰᠠᠶᠢᠲᠠᠶ ᠲᠠᠷᠢᠶᠠᠯᠠᠩ ᠤᠨ ᠬᠡᠷᠡᠭᠰᠡᠯ ᠤᠨ ᠣᠷᠣᠭᠤᠯᠤᠯᠲᠠ ᠡᠳ᠋ ᠢ ᠬᠤᠳᠠᠯᠳᠤᠨ ᠠᠪᠬᠤ ᠶᠢ ᠪᠠᠲᠤᠯᠠᠬᠤ ᠶᠢᠨ ᠲᠥᠯᠥᠭᠡ᠃ 2 ᠰᠠᠷ᠎ᠠ ᠶᠢᠨ 29      ᠤ ᠡᠳᠦᠷ᠂ ᠬᠤᠤ ᠷᠤᠤ ᠱᠠᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠪᠠᠯᠭᠠᠰᠤᠨ ᠤ ᠳᠡᠳ᠋ ᠳᠠᠷᠤᠭ᠎ᠠ ᠹᠠᠨ ᠮᠧᠩ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢ ᠳᠠᠭᠠᠭᠤᠯᠤᠨ ᠪᠠᠶᠢᠴᠠᠭᠠᠬᠤ ᠳᠤᠭᠤᠶᠢᠯᠠᠩ  ᠶᠢᠨ ᠬᠡᠯᠪᠡᠷᠢ ᠪᠠᠷ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠲᠤ ᠭᠤᠤᠯᠳᠠᠯᠭ᠎ᠠ ᠲᠠᠢ ᠪᠠᠶᠢᠴᠠᠭᠠᠯᠲᠠ ᠬᠢᠵᠦ᠂ 4 ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠳᠡᠯᠭᠡᠭᠦᠷ ᠢ ᠪᠠᠶᠢᠴᠠᠭᠠᠪᠠ᠃      ᠲᠣᠰ ᠤᠳᠠᠭᠠᠨ ᠤ ᠪᠠᠶᠢᠴᠠᠭᠠᠯᠲᠠ ᠳᠤ ᠭᠤᠤᠯᠳᠠᠭᠤ ᠲᠠᠷᠢᠮᠠᠯ ᠤᠨ ᠦᠷ᠎ᠡ᠂ ᠲᠠᠷᠢᠶᠠᠨ ᠡᠮ᠂ ᠪᠣᠷᠲᠣᠭᠤᠷ ᠤᠨ ᠬᠦᠴᠦᠨ ᠲᠠᠢ ᠬᠤᠭᠤᠴᠠᠭ᠎ᠠ᠂ ᠳᠠᠩᠰᠠᠯᠠᠭᠤᠯᠬᠤ ᠭᠠᠷ  ᠭᠦᠢᠴᠡᠳᠬᠡᠯ᠂ ᠲᠡᠮᠳᠡᠭ ᠱᠣᠰᠢᠭ᠎ᠠ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠲᠤᠰᠬᠠᠶ ᠡᠵᠡᠩᠨᠡᠯᠲᠡ ᠶᠢᠨ ᠳᠡᠯᠭᠡᠭᠦᠷ ᠤᠨ ᠡᠵᠡᠩᠨᠡᠯᠲᠡ ᠶᠢᠨ ᠬᠢᠷᠢ ᠬᠡᠮ᠂ ᠪᠦᠲᠦᠭᠡᠭᠳᠡᠬᠦᠨ ᠤ ᠦᠨ᠎ᠡ ᠬᠠᠩᠰᠢ᠂ ᠬᠠᠳᠠᠭᠠᠯᠠᠯᠲᠠ ᠶᠢᠨ ᠪᠠᠶᠢᠳᠠᠯ ᠵᠢᠴᠢ ᠪᠠᠷᠠᠭ᠎ᠠ ᠣᠷᠣᠭᠤᠯᠬᠤ ᠠᠷᠭ᠎ᠠ ᠵᠠᠮ ᠵᠡᠷᠭᠡ ᠬᠠᠤᠯᠢ ᠶᠣᠰᠣᠨ ᠤ ᠪᠠ ᠲᠣᠭᠲᠠᠭᠠᠯ ᠳᠤ ᠨᠡᠶᠢᠴᠡᠬᠦ  ᠡᠰᠡᠬᠦ ᠳᠤ  ᠴᠢᠭᠯᠡᠭᠦᠯᠦᠨ ᠪᠠᠶᠢᠴᠠᠭᠠᠪᠠ᠃ ᠪᠠᠶᠢᠴᠠᠭᠠᠬᠤ ᠶᠠᠪᠤᠴᠠ ᠳᠤ ᠬᠠᠤᠯᠢ ᠬᠡᠷᠡᠭᠵᠢᠭᠦᠯᠬᠦ ᠠᠵᠢᠯᠲᠠᠨ ᠪᠠᠰᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ︾᠂ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠤᠬᠠᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠭᠴᠢ ᠶᠢᠨ ᠦᠨᠡᠨᠴᠢ ᠢᠲᠡᠭᠡᠮᠵᠢᠲᠡᠶ ᠬᠠᠤᠯᠢ ᠶᠢ ᠰᠠᠬᠢᠬᠤ ᠡᠵᠡᠩᠨᠡᠯᠲᠡ ᠶᠢᠨ ᠦᠵᠡᠯ ᠤᠬᠠᠮᠰᠠᠷ ᠢ ᠳᠡᠭᠡᠭᠰᠢᠯᠡᠭᠦᠯᠪᠡ᠃ ᠡᠭᠦᠨ ᠤ ᠵᠡᠷᠭᠡ ᠳᠤ ᠡᠵᠡᠩᠨᠡᠭᠴᠢᠳ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠳᠡᠯᠭᠡᠨ ᠲᠠᠯᠪᠢᠬᠤ ᠨᠢ ᠡᠮᠬᠢ ᠵᠠᠮᠪᠠᠷᠠᠭ᠎ᠠ ᠦᠭᠡᠶ᠂ ᠲᠥᠷᠥᠯ ᠵᠦᠢᠯ ᠨᠢ ᠲᠣᠳᠣᠷᠬᠠᠶ ᠦᠭᠡᠶ᠂ ᠬᠤᠳᠠᠯᠳᠤᠨ ᠠᠪᠬᠤ ᠪᠠ ᠪᠣᠷᠣᠯᠠᠭᠤᠯᠬᠤ ᠳᠠᠩᠰᠠ ᠡᠪᠬᠡᠮᠡᠯ ᠨᠢ ᠪᠦᠷᠢᠨ ᠪᠤᠰᠤ ᠵᠡᠷᠭᠡ ᠪᠠᠶᠢᠳᠠᠯ ᠢ ᠵᠢᠷᠤᠮᠵᠢᠭᠤᠯᠵᠤ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠵᠤ᠂ ᠲᠠᠷᠢᠶᠠᠴᠢᠨ ᠡᠷᠦᠬᠡ ᠶᠢᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠰᠠᠨᠠᠭ᠎ᠠ ᠠᠮᠤᠷ ᠲᠠᠷᠢᠶᠠᠯᠠᠩ ᠤᠨ ᠬᠡᠷᠡᠭᠰᠡᠯ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠶ         ᠳᠠᠷᠠᠭᠠᠴᠢ ᠶᠢᠨ ᠠᠯᠬᠤᠮ ᠳᠤ᠂ ᠬᠤᠤ ᠷᠤᠤ ᠱᠠᠨ ᠪᠠᠯᠭᠠᠰᠤ ᠶᠢᠨ ᠬᠢᠨ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠳᠡᠯᠭᠡᠭᠦᠷ ᠲᠤ ᠦᠷᠭᠦᠯᠵᠢᠯᠡᠨ ᠪᠠᠶᠢᠴᠠᠭᠠᠯᠲᠠ ᠬᠢᠵᠦ᠂ ᠲᠠᠷᠢᠶᠠᠯᠠᠩ  ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠬᠠᠭᠤᠷᠮᠠᠭ ᠲᠠᠸᠠᠷ ᠦᠢᠯᠡᠳᠴᠦ ᠪᠣᠷᠣᠯᠠᠭᠤᠯᠬᠤ ᠵᠡᠷᠭᠡ ᠬᠠᠤᠯᠢ  ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠲᠣᠭᠲᠠᠭᠤᠨ ᠢᠶᠠᠷ ᠠᠬᠢᠭᠤᠯᠬᠤ ᠶᠢ ᠪᠠᠲᠤᠯᠠᠨ᠎ᠠ᠃ 
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ