ᠵᠦᠩ ᠾᠧ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠣᠷᠭᠢᠯ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠪᠠ
ᠨᠡᠶᠢᠲᠡᠯᠡᠭᠰᠡᠨ ᠴᠠᠭ᠄
2024/3/4
      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠭᠡᠬᠦ ᠡᠨᠡᠬᠦ ᠭᠤᠣᠯ ᠰᠢᠵᠢᠮ ᠢ ᠭᠦᠨᠵᠡᠭᠡᠶ ᠦᠢᠯᠡᠳᠦᠯᠭᠡᠵᠢᠭᠦᠯᠬᠦ ᠶᠢᠨ ᠲᠥᠯᠥᠭᠡ᠂  ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠣᠶᠢᠷ᠎ᠠ ᠳᠤ ᠵᠥᠩ ᠾᠧ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠪᠠᠶᠢᠭᠤᠯᠤᠯᠭ᠎ᠠ ᠶᠢᠨ ᠨᠠᠮ ᠤᠨ ᠡᠭᠦᠷ ᠤᠨ ᠱᠦᠵᠢ ᠣᠷᠭᠢᠯ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ ︿ᠵᠢᠷᠭᠤᠭᠠᠨ ᠥᠭᠦᠯᠡᠪᠦᠷᠢ﹀ ᠶᠢᠨ ᠪᠣᠳᠠᠲᠤ ᠬᠡᠷᠡᠭ ᠪᠠ ᠶᠣᠰᠣ ᠤᠴᠢᠷ ᠢ ᠭᠦᠨᠵᠡᠭᠡᠶ ᠣᠶᠢᠯᠠᠭᠠᠬᠤ︾ ᠶᠢᠨ ᠲᠣᠭᠤᠷᠢᠨ ᠳᠤ ᠪᠠᠶᠢᠭᠤᠯᠤᠯᠭ᠎ᠠ ᠶᠢᠨ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠳ ᠲᠤ ᠲᠤᠰᠬᠠᠶ ᠰᠡᠳᠦᠪᠲᠦ ᠨᠠᠮ ᠤᠨ ᠬᠢᠴᠢᠶᠡᠯ ᠵᠢᠭᠠᠵᠤ ᠥᠭᠴᠡᠶ᠃     ᠣᠷᠭᠢᠯ ᠥᠪᠥᠷ ᠮᠣᠩᠭᠤᠯ ᠤᠨ ᠬᠥᠭᠵᠢᠯᠲᠡ ᠶᠢᠨ ᠶᠠᠪᠤᠴᠠ ᠶᠢᠨ ᠲᠣᠭᠤᠷᠢᠨ ᠳᠤ᠂ ︽ᠥᠪᠥᠷ ᠮᠣᠩᠭᠤᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠡᠷᠲᠡ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠭᠰᠠᠨ ᠦᠨᠳᠦᠰᠦᠲᠡᠨ ᠤ  ᠦᠪᠡᠷᠲᠡᠭᠡᠨ ᠵᠠᠰᠠᠬᠤ ᠣᠷᠣᠨ ᠪᠣᠯᠤᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠳ ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ᠃ ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠪᠠᠷ ᠬᠥᠭᠵᠢᠵᠦ ᠢᠷᠡᠭᠰᠡᠨ ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠢᠯᠡᠷᠡᠭᠰᠡᠨ ᠬᠦᠨᠳᠦ ᠶᠡᠭᠡ ᠵᠦᠷᠢᠶ᠎ᠡ ᠶᠢ ᠪᠣᠯ ᠴᠥᠮ ᠨᠠᠮ ᠤᠨ ᠲᠥᠪ ᠬᠣᠷᠢᠶ᠎ᠠ ᠠᠴᠠ ᠵᠢᠯᠣᠭᠤᠳᠴᠤ ᠬᠠᠪᠰᠤᠷᠤᠨ ᠵᠠᠯᠠᠷᠠᠭᠤᠯᠤᠭᠰᠠᠨ ᠶᠤᠮ᠂ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠶᠢ ᠪᠣᠯ ᠶᠡᠷᠦᠩᠬᠡᠢ ᠱᠦᠵᠢ ᠰᠢ ᠶᠢᠨ ᠫᠢᠩ   ᠤᠨ ᠳᠣᠲᠣᠨᠣ ᠬᠠᠯᠠᠮᠵᠢᠯᠠᠯ ᠪᠠ ᠵᠢᠯᠤᠭᠤᠳᠤᠯᠭ᠎ᠠ ᠳᠣᠣᠷ᠎ᠠ ᠣᠯᠤᠭᠰᠠᠨ ᠶᠤᠮ᠂ ᠥᠪᠥᠷ ᠮᠣᠩᠭᠤᠯ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀  ᠵᠢᠱᠢᠶᠡᠴᠢ ᠨᠢ ᠨᠠᠮ ᠤᠨ ᠦᠭᠡ ᠶᠢ ᠰᠣᠨᠣᠰᠬᠤ ᠲᠠᠯ᠎ᠠ ᠪᠠᠷ ᠬᠢ ᠶᠤᠮ︾ ᠭᠡᠬᠦ ᠵᠢᠷᠭᠤᠭᠠᠨ ᠦᠭᠡ ᠶᠢ ᠭᠦᠨᠵᠡᠭᠡᠢ ᠲᠣᠳᠣᠷᠬᠠᠶᠢᠯᠠᠨ ᠥᠭᠦᠯᠡᠵᠡᠢ᠃ ᠶᠡᠷᠦᠩᠬᠡᠢ ᠱᠦᠵᠢ ᠶᠢᠨ ᠥᠪᠥᠷ ᠮᠣᠩᠭᠤᠯ ᠳᠠᠬᠢ ᠬᠠᠯᠠᠮᠵᠢᠯᠠᠯ  ᠢ ᠭᠦᠨᠵᠡᠭᠡᠢ ᠣᠶᠢᠯᠠᠭᠠᠵᠤ᠂ ᠪᠦᠬᠦ ᠨᠠᠮ ᠤᠨ ᠭᠡᠰᠢᠭᠦᠨ ᠺᠠᠳ᠋ᠷᠴᠤᠳ ᠢ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠬᠥᠮᠦᠵᠢᠯ ᠬᠦᠳᠦᠯᠦᠨ ᠳᠠᠭᠠᠭᠤᠯᠵᠤ᠂ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠢᠮᠠᠭᠲᠠ ᠪᠠᠲᠤ ᠴᠡᠭᠡᠵᠢᠯᠡᠪᠡ᠃     ᠳᠠᠷᠠᠭᠠᠴᠢ ᠶᠢᠨ ᠠᠯᠬᠤᠮ ᠳᠤ᠂ ᠵᠥᠩ ᠾᠧ  ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠭᠡᠬᠦ ᠡᠨᠡ ᠬᠦ ᠭᠤᠣᠯ ᠱᠤᠭᠤᠮ ᠢ ᠪᠠᠲᠤ ᠪᠠᠬᠢ ᠪᠤᠶ ᠪᠣᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠬᠡᠷᠡᠭ ᠪᠠ ᠶᠣᠰᠣ ᠤᠴᠢᠷ ᠢ ᠭᠦᠨᠵᠡᠭᠡᠢ ᠤᠢᠢᠯᠠᠭᠠᠨ ᠡᠵᠡᠮᠰᠢᠭᠦᠯᠵᠦ᠂ ᠰᠣᠷᠣᠭᠰᠠᠨ ᠢᠶᠠᠨ ᠬᠡᠷᠡᠭᠯᠡᠵᠦ᠂ ᠪᠣᠳᠠᠲᠠᠢ ᠪᠠᠷ ᠠᠵᠢᠯᠯᠠᠭᠤᠯᠵᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ︾ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭᠠᠨ ᠤ ᠤᠬᠠᠮᠰᠠᠷ ᠢ ᠨᠢ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠪᠠᠯᠭᠠᠰᠤᠨ ᠤ ᠡᠯ᠎ᠡ ᠵᠦᠢᠯ ᠤᠨ ᠦᠢᠯᠡᠰ ᠲᠤ ᠰᠢᠨ᠎ᠡ ᠠᠮᠵᠢᠯᠲᠠ ᠤᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ 
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ