ᠵᠠᠯᠠᠨ ᠠᠶᠢᠯ ᠬᠤᠲᠠ᠄ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢ ᠴᠢᠩᠭᠠᠳᠬᠠᠵᠤ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠬᠦ ᠲᠠᠯ᠎ᠠ ᠪᠠᠷ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2024/4/11
    ᠬᠠᠪᠤᠷ ᠤᠨ ᠤᠷᠢᠨ ᠳᠤᠯᠠᠭᠠᠨ ᠴᠡᠴᠡᠭ ᠳᠡᠯᠭᠡᠷᠡᠬᠦ ᠲᠠᠰᠢᠷᠠᠮ ᠳᠤ᠂ ᠲᠦᠮᠡᠨ ᠪᠣᠳᠠᠰ ᠠᠮᠢᠯᠠᠵᠤ ᠂ ᠠᠭᠤᠷ ᠠᠮᠢᠰᠬᠤᠯ ᠠᠭᠠᠵᠢᠮ ᠢᠶᠠᠷ ᠳᠤᠯᠠᠭᠠᠷᠠᠬᠤ ᠶᠢ ᠳᠠᠭᠠᠯᠳᠤᠨ᠂ ᠣᠶ ᠰᠢᠭᠤᠶ ᠶᠢᠨ ᠭᠠᠯ ᠤᠨ ᠭᠠᠮᠰᠢᠭ ᠢ ᠰᠡᠷᠭᠡᠶᠢᠯᠡᠬᠦ ᠳᠤ ᠬᠦᠨᠳᠦ ᠬᠡᠴᠡᠭᠦᠤ ᠥᠷᠢᠰᠥᠯᠳᠦᠭᠡᠨ ᠲᠤᠯᠭᠠᠷᠠᠵᠤ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠪᠥᠬᠦ ᠲᠠᠯ᠎ᠠ ᠪᠠᠷ ᠴᠢᠩᠭᠠᠳᠬᠠᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠨ ᠠᠷᠢᠯᠭᠠᠬᠤ ᠶᠢᠨ ᠲᠤᠰᠠᠳᠠ᠂ ᠬᠥᠯᠥᠨ ᠪᠤᠶᠢᠷ ᠬᠤᠲᠠ ᠶᠢᠨ ᠣᠶ ᠰᠢᠭᠤᠶ ᠶᠢᠨ ᠭᠠᠯ ᠤᠨᠲᠠᠷᠠᠭᠠᠬᠤ ᠰᠠᠯᠪᠤᠷᠢ ᠠᠩᠭᠢ ᠶᠢᠨ ᠵᠠᠯᠠᠨ ᠠᠶᠢᠯ ᠬᠤᠲᠠ ᠶᠢᠨ ᠶᠡᠭᠡ ᠠᠩᠭᠢ ᠶᠢᠨ ᠬᠢᠨ ᠨᠢᠭᠡ ᠭᠠᠷᠠᠭ ᠤᠨ ᠬᠤᠭᠤᠴᠠᠭ᠎ᠠ ᠲᠠᠢ ᠭᠠᠯ ᠰᠡᠷᠭᠡᠶᠢᠯᠡᠬᠦ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠯᠠᠨ ᠠᠶᠢᠯ ᠬᠤᠲᠠ ᠶᠢᠨ ᠠᠷᠠᠳ ᠲᠦᠮᠡᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠭᠤᠷ ᠠᠮᠢᠰᠬᠤᠯ ᠢ ᠪᠣᠶ ᠪᠣᠯᠭᠠᠨ᠎ᠠ᠃    4 ᠰᠠᠷ᠎ᠠ ᠶᠢᠨ 4 ᠤ ᠡᠳᠦᠷ ᠠᠴᠠ 4 ᠰᠠᠷ᠎ᠠ ᠶᠢᠨ 10 ᠤ ᠡᠳᠦᠷ ᠪᠣᠯᠲᠠᠯ᠎ᠠ᠂ ᠬᠥᠯᠥᠨ ᠪᠤᠶᠢᠷ ᠬᠤᠳᠠ ᠶᠢᠨ ᠤᠢ ᠰᠢᠭᠤᠢ ᠶᠢᠨ ᠭᠠᠯ ᠤᠨᠲᠠᠷᠠᠭᠠᠬᠤ ᠰᠠᠯᠪᠤᠷᠢ ᠠᠩᠬᠢ ᠶᠢᠨ ᠵᠠᠯᠠᠨ ᠠᠶᠢᠯ ᠬᠤᠳᠠ ᠶᠢᠨ ᠶᠡᠭᠡ ᠠᠩᠬᠢ ᠶᠢᠨ ᠵᠢᠵᠢᠭᠦᠷᠯᠡᠬᠦ ᠬᠤᠪᠢᠶᠠᠷᠢ ᠠᠩᠬᠢ ᠡᠳᠦᠷ ᠪᠦᠷᠢ ᠳᠡᠭᠦᠵᠢᠩ ᠬᠥᠭᠦᠷᠭᠡ ᠶᠢᠨ ᠴᠡᠴᠡᠷᠯᠢᠭ ᠲᠤ ᠬᠦᠷᠴᠦ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠦᠨ᠎ᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠦᠷᠳᠡᠭᠡ᠂ ᠲᠤᠨᠤᠭ ᠲᠥᠬᠦᠭᠡᠷᠦᠮᠵᠢ ᠶᠢᠨ ᠦᠵᠡᠭᠦᠯᠦᠯᠭᠡ ᠶᠢᠨ ᠲᠣᠭᠤᠷᠢᠭ ᠢ ᠪᠠᠶᠢᠭᠤᠯᠤᠭᠰᠠᠨ ᠪᠥᠭᠡᠳ ᠨᠠᠰᠢ ᠴᠠᠰᠢ ᠥᠩᠭᠡᠷᠡᠬᠦ ᠬᠤᠳᠠ ᠶᠢᠨ ᠠᠷᠠᠳ ᠤᠯᠠᠨ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠵᠢᠯᠤᠭᠤᠳᠤᠬᠴᠢ ᠪᠠᠶᠢᠯᠳᠤᠭᠴᠢᠳ ᠵᠢᠷᠤᠭ ᠪᠢᠴᠢᠭ ᠢ ᠬᠤᠣᠰᠯᠠᠭᠤᠯᠬᠤ ᠬᠡᠯᠪᠡᠷᠢ ᠪᠣᠯᠤᠨ ᠬᠦᠯᠢᠴᠡᠩᠭᠦᠢ ᠬᠠᠷᠢᠭᠤᠯᠲᠠ ᠥᠭᠬᠦ ᠪᠠᠷ ᠳᠠᠮᠵᠢᠭᠤᠯᠵᠤ᠂ ᠬᠤᠳᠠ ᠶᠢᠨ ᠠᠷᠠᠳ ᠤᠯᠠᠨ ᠳᠤ ᠭᠠᠯ ᠢ ᠰᠡᠷᠭᠡᠶᠢᠯᠡᠬᠦ ᠠᠮᠤᠷ ᠲᠦᠪᠰᠢᠨ ᠤ ᠴᠢᠬᠤᠯᠠ ᠴᠢᠨᠠᠷ ᠢ ᠭᠦᠨᠵᠡᠭᠡᠢ ᠲᠠᠨᠢᠭᠤᠯᠵᠠᠢ᠃ ᠡᠭᠦᠨ ᠤ ᠬᠠᠮᠲᠤ ᠵᠠᠬᠢᠶᠠᠯᠠᠭ᠎ᠠ ᠶᠢᠨ ᠬᠤᠭᠤᠯᠠ᠂ ᠲᠦᠷᠭᠡᠨ ᠬᠦᠷᠭᠡᠯᠲᠡ ᠶᠢᠨ ᠲᠠᠪᠴᠠᠩ ᠤᠨ ᠠᠵᠢᠯᠲᠠᠳ ᠲᠤ ᠠᠮᠤᠷ ᠲᠦᠪᠰᠢᠨ ᠤ ᠭᠠᠯ ᠰᠡᠷᠭᠡᠶᠢᠯᠡᠯᠲᠡ ᠶᠢᠨ ᠴᠢᠬᠤᠯᠠ ᠴᠢᠨᠠᠷ ᠢ ᠤᠬᠠᠭᠤᠯᠬᠤ ᠶᠢᠨ ᠬᠠᠮᠲᠤ᠂ ᠵᠠᠬᠢᠶᠠᠯᠠᠭ᠎ᠠ ᠶᠢᠨ ᠬᠤᠭᠤᠯᠠ᠂ ᠲᠦᠷᠭᠡᠨ ᠬᠦᠷᠭᠡᠯᠲᠡ ᠶᠢᠨ ᠲᠠᠪᠴᠠᠩ ᠤᠨ ᠠᠵᠢᠯᠲᠠᠳ ᠲᠠᠢ ᠬᠠᠮᠲᠤ ᠭᠠᠯ ᠰᠡᠷᠭᠡᠶᠢᠯᠡᠯᠲᠡ ᠶᠢ ᠪᠣᠭᠤᠳᠠᠯ᠂ ᠵᠠᠬᠢᠶᠠᠯᠠᠭ᠎ᠠ ᠶᠢᠨ ᠲᠦᠷᠭᠡᠨ ᠬᠦᠷᠭᠡᠯᠲᠡ ᠶᠢᠨ ᠲᠡᠷᠭᠡ ᠬᠥᠰᠬᠡ ᠵᠢᠴᠢ ᠳᠤᠭᠤᠯᠠᠭ᠎ᠠ ᠵᠡᠷᠭᠡ ᠢᠯᠡᠷᠬᠡᠶ ᠭᠠᠵᠠᠷ ᠲᠤ ᠴᠠᠭ ᠲᠤᠬᠠᠶ ᠳᠤᠨᠢ ᠨᠠᠭᠠᠵᠤ᠂ ᠪᠣᠭᠤᠳᠠᠯ ᠪᠤᠶᠤ ᠵᠠᠬᠢᠶᠠᠯᠠᠭ᠎ᠠ ᠶᠢᠨ ᠬᠤᠭᠤᠯᠠ ᠣᠯᠤᠭᠰᠠᠨ ᠬᠤᠲᠠ ᠶᠢᠨ ᠠᠷᠠᠳ ᠨᠢᠭᠡᠪᠦᠷᠢ ᠴᠥᠮ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠰᠠᠨᠠᠭᠤᠯᠤᠮᠵᠢ ᠶᠢ ᠨᠢᠭᠡ ᠯᠡ ᠳᠡᠭᠡᠷ᠎ᠡ ᠣᠯᠵᠤ ᠦᠵᠡᠬᠦ ᠶᠢ ᠪᠠᠲᠤᠯᠠᠬᠤ ᠬᠡᠷᠡᠭᠲᠡᠶ᠃ ᠲᠤᠰᠬᠠᠶ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠣᠯᠠᠨ ᠨᠡᠶᠢᠲᠡ ᠶᠢᠨ ᠭᠠᠯ ᠰᠡᠷᠭᠡᠶᠢᠯᠡᠬᠦ ᠦᠵᠡᠯ ᠤᠬᠠᠮᠰᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠮᠤᠷ ᠲᠦᠪᠰᠢᠨ ᠤ ᠣᠷᠴᠢᠨ ᠨᠥᠬᠦᠴᠡᠯ ᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃    3 ᠰᠠᠷ᠎ᠠ ᠠᠴᠠ ᠨᠠᠰᠢ᠂ ᠬᠥᠯᠥᠨ ᠪᠤᠶᠢᠷ ᠬᠤᠲᠠ ᠶᠢᠨ ᠣᠶ ᠰᠢᠭᠤᠶ ᠶᠢᠨ ᠭᠠᠯ ᠤᠨᠲᠠᠷᠠᠭᠠᠬᠤ ᠰᠠᠯᠪᠤᠷᠢ ᠠᠩᠭᠢ ᠶᠢᠨ ᠵᠠᠯᠠᠨ ᠠᠶᠢᠯ ᠬᠤᠲᠠ ᠶᠢᠨ ᠶᠡᠭᠡ ᠠᠩᠭᠢ ᠶᠢᠨ ᠬᠢᠨ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠪᠠᠷ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠬᠠᠭᠤᠯᠭ᠎ᠠ ᠶᠢᠨ ᠬᠦᠷᠢᠶ᠎ᠡ ᠬᠡᠪᠴᠢᠶ᠎ᠡ ᠪᠠᠨ ᠥᠷᠭᠡᠳᠬᠡᠨ᠂ ᠰᠠᠭᠤᠭ᠎ᠠ ᠭᠠᠵᠠᠷ ᠤᠨ ᠴᠤᠭᠯᠠᠭ᠎ᠠ ᠮᠠᠶᠢᠮᠠᠶ᠂ ᠠᠭᠤᠳᠠᠮ ᠲᠠᠯᠠᠪᠠᠶ ᠬᠤᠳᠠᠯᠳᠤᠭᠠᠨ ᠤ ᠲᠠᠯᠠᠪᠤᠷ᠂ ᠦᠵᠡᠮᠵᠢ ᠶᠢᠨ ᠣᠷᠣᠨ ᠭᠠᠵᠠᠷ ᠲᠤ ᠠᠵᠢᠯᠲᠠᠨ᠂ ᠲᠣᠨᠤᠭ ᠲᠥᠬᠦᠭᠡᠷᠦᠮᠵᠢ᠂ ᠪᠠᠭᠠᠵᠢ ᠬᠡᠷᠡᠭᠰᠡᠯ ᠪᠠ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠡᠮᠬᠢᠯᠡᠨ ᠨᠡᠶᠢᠯᠡᠭᠦᠯᠵᠦ ︽ᠨᠢᠭᠡ ᠯᠡ ᠥᠷᠲᠡᠭᠡᠨ ᠤ ᠮᠠᠶ᠋ᠢᠭ︾ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠪᠠᠶᠢᠭᠤᠯᠵᠤ᠂ ︽ᠴᠢᠬ ᠢᠶᠠᠷ ᠤᠬᠠᠭᠤᠯᠵᠤ᠂ ᠡᠷᠬᠢᠨ ᠲᠣᠭᠤᠷᠢᠨ ᠢᠶᠠᠨ ᠨᠥᠯᠥᠭᠡᠯᠡᠬᠦ︾ ᠦᠷ᠎ᠡ ᠳ᠋ᠦᠩ ᠳᠤ ᠬᠦᠷᠦᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠶᠡᠷᠦ ᠶᠢᠨ ᠮᠡᠳᠡᠯᠭᠡ ᠶᠢ ᠪᠥᠬᠦ ᠲᠠᠯ᠎ᠠ ᠪᠠᠷ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠪᠥᠬᠦ ᠨᠡᠶᠢᠭᠡᠮ ᠢᠶᠠᠷ ᠢᠶᠠᠨ ᠭᠠᠯ ᠤᠨᠲᠠᠷᠠᠭᠠᠬᠤ ᠠᠮᠤᠷ ᠲᠦᠪᠰᠢᠨ ᠢ ᠠᠩᠬᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠬᠤ ᠬᠡᠷᠡᠭᠲᠡᠶ᠃    ᠬᠥᠯᠥᠨ ᠪᠤᠶᠢᠷ ᠬᠤᠲᠠ ᠶᠢᠨ ᠣᠶ ᠰᠢᠭᠤᠶ ᠶᠢᠨ ᠭᠠᠯ ᠤᠨᠲᠠᠷᠠᠭᠠᠬᠤ ᠰᠠᠯᠪᠤᠷᠢ ᠠᠩᠭᠢ ᠶᠢᠨ ᠵᠠᠯᠠᠨ ᠠᠶᠢᠯ ᠤᠨ ᠶᠡᠭᠡ ᠠᠩᠭᠢ ᠶᠢᠨ ᠳᠠᠷᠤᠭ᠎ᠠ ᠯᠢᠦ ᠴᠦᠨ ᠮᠢᠩ ᠬᠡᠯᠡᠬᠦ ᠳᠡᠭᠡᠨ᠄ ︽ᠰᠢ ᠶᠢᠨ ᠫᠢᠩ ᠶᠡᠷᠦᠩᠬᠡᠶ ᠱᠦᠵᠢ ᠶᠢᠨ ᠣᠶ ᠰᠢᠭᠤᠶ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠪᠦᠬᠦ ᠤᠯᠤᠰ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ᠂ ᠤᠯᠤᠰ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠵᠢᠴᠢ ᠶᠡᠷᠦᠩᠬᠡᠶ ᠠᠩᠭᠢ᠂ ᠰᠠᠯᠪᠤᠷᠢ ᠠᠩᠭᠢ ᠶᠢᠨ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠥᠯᠥᠨ ᠪᠤᠶᠢᠷ ᠬᠤᠲᠠ ᠶᠢᠨ ᠣᠶ ᠰᠢᠭᠤᠶ ᠶᠢᠨ ᠭᠠᠯ ᠤᠨᠲᠠᠷᠠᠭᠠᠬᠤ ᠰᠠᠯᠪᠤᠷᠢ ᠠᠩᠭᠢ ᠶᠢᠨ ᠵᠠᠯᠠᠨ ᠠᠶᠢᠯ ᠤᠨ ᠶᠡᠭᠡ ᠠᠩᠭᠢ ᠶᠢᠨ ᠬᠢᠨ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠪᠣᠭᠤᠮᠲᠠ ᠪᠠᠶᠢᠭᠤᠯᠤᠨ ᠪᠠᠶᠢᠴᠠᠭᠠᠬᠤ᠂ ᠪᠡᠶ᠎ᠡ ᠳᠡᠭᠡᠨ ᠠᠪᠴᠤ ᠶᠠᠪᠤᠵᠤ ᠲᠣᠭᠤᠷᠢᠨ ᠬᠠᠮᠠᠭᠠᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠯᠠᠨ ᠠᠶᠢᠯ ᠬᠤᠲᠠ ᠵᠢᠴᠢ ᠡᠷᠬᠢᠨ ᠲᠣᠭᠤᠷᠢᠨ ᠤ ᠭᠤᠤᠯᠳᠠᠯᠭ᠎ᠠ ᠲᠠᠢ ᠣᠷᠣᠨ ᠪᠦᠰᠡ ᠳᠤ ᠪᠥᠬᠦ ᠴᠠᠷᠠᠭ᠎ᠠ ᠪᠠᠷ ᠬᠠᠮᠤᠷᠬᠤ ᠮᠠᠶ᠋ᠢᠭ ᠤᠨ ᠬᠠᠶᠢᠨ ᠪᠠᠶᠢᠴᠠᠭᠠᠯᠲᠠ ᠬᠢᠵᠦ᠂ ᠭᠠᠯ ᠢ ᠰᠡᠷᠭᠡᠶᠢᠯᠡᠬᠦ  ᠶᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠮᠲᠤᠷᠠᠭᠰᠠᠨ ᠦᠢᠯᠡᠴᠢᠯᠡᠭᠡᠨ ᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ᠂ ᠲᠤᠰᠬᠠᠢ ᠠᠵᠢᠯᠯᠠᠭ᠎ᠠ ᠶᠢᠨ ᠰᠠᠨᠠᠭᠠᠴᠢᠯᠠᠭᠠᠲᠤ ᠳᠠᠶᠢᠯᠠᠯᠳᠤᠭᠠᠨ᠂ ᠭᠠᠯ ᠰᠡᠷᠭᠡᠶᠢᠯᠡᠬᠦ ᠡᠭᠦᠷᠭᠡ ᠭᠦᠢᠴᠡᠳᠬᠡᠬᠦ ᠵᠢᠭᠰᠠᠭᠠᠯ ᠤᠨ ᠳᠠᠶᠢᠯᠠᠯᠳᠤᠭᠠᠨ᠂ ᠡᠩᠨᠡᠭᠡ ᠶᠢᠨ ᠲᠦᠷᠢ ᠲᠥᠷᠬᠦ ᠶᠢᠨ ᠤᠬᠠᠭᠤᠯᠭ᠎ᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ᠤᠮᠠᠷᠠᠲᠤ ᠬᠢᠯᠢ ᠶᠢᠨ ᠠᠮᠢ ᠠᠬᠤᠢ ᠳᠤ ᠡᠪᠳᠡᠷᠡᠰᠢ ᠦᠭᠡᠢ ︿ᠠᠮᠤᠷ ᠲᠦᠪᠰᠢᠨ ᠤ ᠬᠠᠯᠬᠠᠪᠴᠢ﹀ ᠶᠢ ᠴᠣᠭᠴᠠᠯᠠᠨ ᠪᠠᠶᠢᠭᠤᠯᠤᠨ᠎ᠠ︾ ᠭᠡᠵᠦ ᠬᠡᠯᠡᠪᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ