ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠵᠢᠷ ᠠᠯᠲᠠᠨ ᠵᠠᠰᠠᠯ ᠵᠢᠮᠰᠡᠭ ᠤᠨ ᠳᠡᠯᠭᠡᠭᠦᠷ ᠤᠨ ᠬᠡᠮᠵᠢᠯᠲᠡ ᠶᠢᠨ ᠪᠠᠭᠠᠵᠢ ᠬᠡᠷᠡᠭᠰᠡᠯ ᠤᠨ ᠲᠤᠰᠬᠠᠶ ᠵᠦᠢᠯ ᠤᠨ ᠪᠠᠶᠢᠴᠠᠭᠠᠯᠲᠠ ᠦᠷᠨᠢᠭᠦᠯᠪᠡ
ᠨᠡᠶᠢᠲᠡᠯᠡᠭᠰᠡᠨ ᠴᠠᠭ᠄
2024/4/11
    ᠣᠶᠢᠷ᠎ᠠ ᠶᠢᠨ ᠵᠢᠯ ᠤᠳ ᠲᠤ᠂ ᠰᠢᠵᠢᠷ ᠠᠯᠲᠠᠨ ᠤ ᠦᠨ᠎ᠡ ᠥᠰᠬᠦ ᠶᠢ ᠳᠠᠭᠠᠯᠳᠤᠨ᠂ ︽ᠰᠢᠵᠢᠷ ᠠᠯᠲᠠ︾  ᠬᠠᠯᠠᠮᠰᠢᠯ ᠦᠭᠡ ᠪᠣᠯᠵᠣ ᠪᠠᠶᠢᠨ᠎ᠠ᠃ ᠰᠢᠵᠢᠷ ᠠᠯᠲᠠᠨ ᠤ ᠵᠠᠰᠠᠯ ᠵᠢᠮᠰᠡᠭ ᠤᠨ ᠦᠨ᠎ᠡ ᠥᠷᠲᠡᠭ ᠮᠠᠰᠢ ᠦᠨᠡᠲᠡᠶ᠂ ᠵᠢᠩ ᠯᠠᠩ ᠳᠤᠲᠠᠭᠳᠠᠬᠤ ᠳᠤ ᠬᠦᠷᠪᠡᠯ ᠬᠡᠷᠡᠭᠯᠡᠭᠴᠢᠳ ᠤᠨ ᠡᠷᠬᠡ ᠠᠰᠢᠭ ᠢ ᠬᠦᠨᠳᠦ ᠨᠣᠴᠢᠲᠠᠶ ᠬᠤᠬᠢᠷᠠᠭᠤᠯᠬᠤ ᠪᠣᠯᠤᠨ᠎ᠠ᠃ ᠰᠢᠵᠢᠷ ᠠᠯᠲᠠᠨ ᠤ ᠵᠠᠰᠠᠯ ᠵᠢᠮᠰᠡᠭ ᠤᠨ ᠳᠡᠯᠭᠡᠭᠦᠷ ᠤᠨ ᠬᠡᠷᠡᠭᠯᠡᠵᠦ ᠪᠠᠶᠢᠭ᠎ᠠ ᠬᠡᠮᠵᠢᠯᠲᠡ ᠶᠢᠨ ᠪᠠᠭᠠᠵᠢ ᠬᠡᠷᠡᠭᠰᠡᠯ ᠤᠨ ᠣᠨᠣᠪᠴᠢᠲᠤ ᠴᠢᠨᠠᠷ ᠢ ᠵᠢᠷᠤᠮᠵᠢᠭᠤᠯᠵᠤ᠂ ᠰᠠᠨᠠᠭ᠎ᠠ ᠠᠮᠤᠷ᠂ ᠲᠠᠭᠠᠯᠠᠮᠵᠢᠲᠠᠶ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠵᠠᠯᠠᠨ ᠠᠶᠢᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠶᠢᠷ᠎ᠠ ᠳᠤ ᠰᠢᠵᠢᠷ ᠠᠯᠲᠠᠨ ᠤ ᠵᠠᠰᠠᠯ ᠵᠢᠮᠰᠡᠭ ᠤᠨ ᠳᠡᠯᠭᠡᠭᠦᠷ ᠤᠨ ᠬᠡᠮᠵᠢᠯᠲᠡ ᠶᠢᠨ ᠪᠠᠭᠠᠵᠢ ᠬᠡᠷᠡᠭᠰᠡᠯ ᠤᠨ ᠲᠤᠰᠬᠠᠶ ᠪᠠᠶᠢᠴᠠᠭᠠᠯᠲᠠ ᠶᠢ ᠥᠷᠨᠢᠭᠦᠯᠪᠡ᠃    ᠲᠣᠰ ᠤᠳᠠᠭᠠᠨ ᠤ ᠪᠠᠶᠢᠴᠠᠭᠠᠯᠲᠠ ᠳᠤ᠂ ᠰᠢᠵᠢᠷ ᠠᠯᠲᠠᠨ ᠵᠠᠰᠠᠯ ᠵᠢᠮᠰᠡᠭ ᠤᠨ ᠳᠡᠯᠭᠡᠭᠦᠷ 10 ᠶᠢ ᠪᠠᠶᠢᠴᠠᠭᠠᠵᠤ᠂ ᠬᠡᠮᠵᠢᠯᠲᠡ ᠶᠢᠨ ᠪᠠᠭᠠᠵᠢ ᠬᠡᠷᠡᠭᠰᠡᠯ ︵ᠡᠯᠧᠺᠲᠷᠣᠨ ᠲᠡᠩᠨᠡᠭᠦᠷ︶ ᠢ 10 ᠶᠢ ᠬᠡᠷᠡᠭᠯᠡᠵᠦ ᠪᠣᠶ᠃ ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠰᠢᠵᠢᠷ ᠠᠯᠲᠠᠨ ᠤ ᠵᠠᠰᠠᠯ ᠴᠢᠮᠡᠭᠯᠡᠯ ᠤᠨ ᠳᠡᠯᠭᠡᠭᠦᠷ ᠤᠨ ᠬᠡᠷᠡᠭᠯᠡᠵᠦ ᠪᠠᠶᠢᠭ᠎ᠠ ᠬᠡᠮᠵᠢᠯᠲᠡ ᠶᠢᠨ ᠪᠠᠭᠠᠵᠢ ᠬᠡᠷᠡᠭᠰᠡᠯ ᠢ ᠲᠣᠭᠲᠠᠭᠠᠯ ᠶᠣᠰᠣᠭᠠᠷ ᠦᠶᠡᠯᠡᠯ ᠤᠨ ᠬᠤᠭᠤᠴᠠᠭ᠎ᠠ ᠲᠠᠢ ᠪᠠᠷ ᠰᠢᠯᠭᠠᠨ ᠲᠣᠭᠲᠠᠭᠠᠭᠰᠠᠨ ᠡᠰᠡᠬᠦ ᠪᠠ ᠰᠢᠯᠭᠠᠨ ᠲᠣᠭᠲᠠᠭᠠᠯᠲᠠ ᠳᠤ ᠬᠢᠷᠢ ᠲᠡᠩᠴᠡᠭᠰᠡᠨ ᠦᠨᠡᠮᠯᠡᠯ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠵᠤ᠂ ᠰᠢᠯᠭᠠᠨ ᠲᠣᠭᠲᠠᠭᠠᠯᠭᠠᠭᠰᠠᠨ ᠥᠬᠡᠶ ᠪᠤᠶᠤ ᠰᠢᠯᠭᠠᠨ ᠲᠣᠭᠲᠠᠭᠠᠯᠭᠠᠭᠠᠳ ᠬᠢᠷᠢ ᠲᠡᠩᠴᠡᠭᠰᠡᠨ ᠥᠬᠡᠶ ᠬᠡᠮᠵᠢᠯᠲᠡ ᠶᠢᠨ ᠪᠠᠭᠠᠵᠢ ᠬᠡᠷᠡᠭᠰᠡᠯ ᠢ ᠬᠡᠷᠡᠭᠯᠡᠭᠰᠡᠨ ᠡᠰᠡᠬᠦ᠂ ᠥᠭᠡᠷᠡᠴᠢᠯᠡᠨ ᠤᠭᠰᠠᠷᠠᠭᠰᠠᠨ᠂ ᠬᠡᠮᠵᠢᠯᠲᠡ ᠶᠢᠨ ᠪᠠᠭᠠᠵᠢ ᠬᠡᠷᠡᠭᠰᠡᠯ ᠤᠨ ᠣᠨᠣᠪᠴᠢ ᠶᠢᠨ ᠬᠡᠮᠵᠢᠶ᠎ᠡ ᠶᠢ ᠡᠪᠳᠡᠭᠰᠡᠨ ᠵᠡᠷᠭᠡ ᠦᠢᠯᠡ ᠠᠵᠢᠯᠯᠠᠭ᠎ᠠ ᠲᠠᠢ ᠪᠠᠶᠢᠬᠤ ᠡᠰᠡᠬᠦ᠂ ᠬᠡᠮᠵᠢᠯᠲᠡ ᠶᠢᠨ ᠬᠡᠮᠵᠢᠭᠳᠡᠯ ᠨᠢ ᠣᠨᠣᠪᠴᠢᠲᠠᠶ ᠪᠠᠶᠢᠬᠤ ᠡᠰᠡᠬᠦ᠂ ᠪᠣᠷᠣᠯᠠᠭᠤᠯᠤᠯᠲᠠ ᠶᠢᠨ ᠠᠯᠲᠠᠨ ᠵᠠᠰᠠᠯ ᠴᠢᠮᠡᠭᠯᠡᠯ ᠤᠨ ᠢᠯᠡᠳᠬᠡᠮᠵᠢ ᠶᠢᠨ ᠬᠦᠨᠳᠦ ᠶᠢᠨ ᠬᠡᠮᠵᠢᠶ᠎ᠡ ᠨᠢ ᠪᠣᠳᠠᠲᠠᠶ ᠬᠦᠨᠳᠦ ᠶᠢᠨ ᠬᠡᠮᠵᠢᠶ᠎ᠡ ᠲᠠᠢ ᠠᠳᠠᠯᠢ ᠪᠠᠶᠢᠬᠤ ᠡᠰᠡᠬᠦ᠃ ᠪᠠᠶᠢᠴᠠᠭᠠᠯᠲᠠ ᠪᠠᠷ ᠳᠠᠮᠵᠢᠭᠠᠳ᠂ ᠰᠢᠵᠢᠷ ᠠᠯᠲᠠᠨ ᠤ ᠵᠠᠰᠠᠯ ᠵᠢᠮᠰᠡᠭ ᠤᠨ ᠳᠡᠯᠭᠡᠭᠦᠷ ᠤᠨ ᠬᠡᠮᠵᠢᠯᠲᠡ ᠶᠢᠨ ᠪᠠᠭᠠᠵᠢ ᠬᠡᠷᠡᠭᠰᠡᠯ ᠢ ᠴᠥᠮ ᠦᠶᠡᠯᠡᠯ ᠤᠨ ᠬᠤᠭᠤᠴᠠᠭ᠎ᠠ ᠪᠠᠷ ᠰᠢᠯᠭᠠᠨ ᠲᠣᠭᠲᠠᠭᠠᠬᠤ ᠶᠢᠨ ᠬᠠᠮᠲᠤ ᠰᠢᠯᠭᠠᠨ ᠲᠣᠭᠲᠠᠭᠠᠬᠤ ᠦᠶᠡᠯᠡᠯ ᠤᠨ ᠬᠤᠭᠤᠴᠠᠭᠠᠨ ᠳᠤ ᠬᠡᠷᠡᠭᠯᠡᠵᠦ᠂ ︽ᠵᠢᠩᠯᠡᠭᠦᠷ ᠳᠤᠲᠠᠭᠤ︾᠂ ᠥᠭᠡᠷᠡᠴᠢᠯᠡᠨ ᠤᠭᠰᠠᠷᠠᠬᠤ᠂ ᠬᠡᠮᠵᠢᠯᠲᠡ ᠶᠢᠨ ᠪᠠᠭᠠᠵᠢ ᠬᠡᠷᠡᠭᠰᠡᠯ ᠤᠨ ᠣᠨᠣᠪᠴᠢ ᠶᠢᠨ ᠬᠡᠮᠵᠢᠶ᠎ᠡ ᠶᠢ ᠡᠪᠳᠡᠬᠦ ᠵᠡᠷᠭᠡ‌ᠦᠢᠯᠡ ᠠᠵᠢᠯᠯᠠᠭ᠎ᠠ ᠶᠢ ᠣᠯᠵᠤ ᠮᠡᠳᠡᠭᠰᠡᠨ ᠥᠬᠡᠶ᠃ ᠣᠨᠴᠠ ᠵᠠᠷᠢᠮ ᠡᠵᠡᠩᠨᠡᠭᠴᠢ ᠶᠢᠨ ᠬᠡᠮᠵᠢᠯᠲᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠦᠵᠡᠯ ᠤᠬᠠᠮᠰᠠᠷ ᠢᠶᠠᠷ ᠳᠤᠲᠠᠮᠠᠭ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠤᠷ ᠲᠤ ᠡᠵᠡᠩᠨᠡᠭᠴᠢ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠮᠵᠢᠯᠲᠡ ᠶᠢᠨ ᠬᠠᠤᠯᠢ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠪᠠ᠃    ᠳᠠᠷᠠᠭᠠᠴᠢ ᠶᠢᠨ ᠠᠯᠬᠤᠮ ᠳᠤ᠂ ᠵᠠᠯᠠᠨ ᠠᠶᠢᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠰᠢᠵᠢᠷ ᠠᠯᠲᠠᠨ ᠤ ᠵᠠᠰᠠᠯ ᠴᠢᠮᠡᠭᠯᠡᠯ ᠤᠨ ᠳᠡᠯᠭᠡᠭᠦᠷ ᠤᠨ ᠬᠡᠷᠡᠭᠯᠡᠵᠦ ᠪᠠᠶᠢᠭ᠎ᠠ ᠬᠡᠮᠵᠢᠯᠲᠡ ᠶᠢᠨ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠷᠬᠡ ᠲᠡᠭᠰᠢ ᠲᠥᠪ ᠭᠤᠤᠯᠴᠢ ᠬᠡᠮᠵᠢᠯᠲᠡ ᠶᠢᠨ ᠦᠨᠡᠨᠴᠢ ᠢᠲᠡᠭᠡᠮᠵᠢ ᠶᠢᠨ ᠵᠠᠬ᠎ᠠ ᠳᠡᠯᠭᠡᠭᠦᠷ ᠢ ᠪᠠᠶᠢᠭᠤᠯᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠵᠦ᠂ ᠡᠯ᠎ᠡ ᠡᠵᠡᠩᠨᠡᠯᠲᠡ ᠶᠢᠨ ᠡᠷᠦᠬᠡ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠬᠡᠮᠵᠢᠯᠲᠡ ᠶᠢᠨ ᠪᠠᠭᠠᠵᠢ ᠬᠡᠷᠡᠭᠰᠡᠯ ᠢ ᠵᠢᠷᠤᠮᠵᠢᠭᠤᠯᠤᠨ ᠬᠡᠷᠡᠭᠯᠡᠵᠦ᠂ ᠦᠨᠡᠨᠴᠢ ᠢᠲᠡᠭᠡᠮᠵᠢᠲᠡᠶ ᠪᠠᠷ ᠬᠠᠤᠯᠢ ᠶᠢ ᠰᠠᠬᠢᠨ ᠡᠵᠡᠩᠨᠡᠵᠦ᠂ ᠲᠣᠰ ᠪᠡᠶ᠎ᠡ ᠶᠢᠨ ᠢᠲᠡᠭᠡᠯ ᠬᠦᠨᠳᠦ ᠶᠢ ᠦᠨᠡᠨᠬᠦ ᠪᠠᠲᠤᠯᠠᠵᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠠᠬᠢᠭᠤᠯᠤᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠶ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ