ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠬᠠᠩᠰᠢ ᠶᠢᠨ ᠡᠳᠦᠷ ᠲᠣᠭᠲᠠᠭᠰᠠᠨ ᠭᠠᠵᠠᠷ ᠤᠨ ᠲᠠᠬᠢᠯᠭ᠎ᠠ ᠶᠢᠨ ᠤᠬᠠᠭᠤᠯᠭ᠎ᠠ ᠶᠢᠨ ᠠᠵᠢᠯ ᠥᠷᠨᠢᠭᠦᠯᠵᠦ᠂ ᠪᠣᠯᠪᠠᠰᠤᠨ ᠲᠠᠬᠢᠯᠭ᠎ᠠ ᠶᠢᠨ ᠰᠢᠨ᠎ᠡ ᠰᠤᠷᠲᠠᠯ ᠢ ᠢᠳᠡᠪᠬᠢᠲᠡᠶ ᠰᠠᠨᠠᠭᠠᠴᠢᠯᠠᠪᠠ
ᠨᠡᠶᠢᠲᠡᠯᠡᠭᠰᠡᠨ ᠴᠠᠭ᠄
2024/4/11
    ᠬᠠᠩᠰᠢ ᠣᠶᠢᠷᠠᠳᠬᠤ ᠪᠠᠷ᠂ ᠬᠤᠲᠠ ᠶᠢᠨ ᠲᠣᠭᠤᠷᠢᠭ ᠵᠡᠭᠡᠯᠢ ᠭᠤᠳᠤᠮᠵᠢ ᠶᠢᠨ ᠲᠠᠬᠢᠯᠭ᠎ᠠ ᠶᠢᠨ ᠠᠵᠢᠯᠯᠠᠭ᠎ᠠ ᠤᠯᠠᠮ ᠢᠶᠠᠷ ᠣᠯᠠᠰᠢᠷᠠᠵᠤ᠂ ᠪᠣᠯᠪᠠᠰᠤᠨ ᠲᠠᠬᠢᠯᠭ᠎ᠠ ᠶᠢᠨ ᠰᠢᠨ᠎ᠡ ᠰᠤᠷᠲᠠᠯ ᠢ ᠰᠠᠨᠠᠭᠠᠴᠢᠯᠠᠨ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ 4 ᠰᠠᠷ᠎ᠠ ᠶᠢᠨ1 ᠤ ᠡᠳᠦᠷ ᠠᠴᠠ ᠡᠬᠢᠯᠡᠨ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠪᠥᠬᠦ ᠠᠵᠢᠯᠲᠠᠳ ᠠᠵᠢᠯ ᠤᠨ ᠪᠠᠶᠢᠷᠢ ᠳᠤ ᠭᠠᠷᠴᠤ᠂ ᠪᠥᠬᠦ ᠬᠦᠴᠦᠨ ᠢᠶᠠᠷ ᠢᠶᠠᠨ ᠣᠷᠣᠯᠴᠠᠵᠤ᠂ ᠭᠤᠤᠯᠳᠠᠯᠭ᠎ᠠ ᠲᠠᠢ ᠴᠡᠭ ᠲᠤ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠨ᠂ ᠥᠷᠭᠡᠨ ᠢᠶᠠᠷ ᠤᠬᠠᠭᠤᠯᠬᠤ ᠂ ᠴᠢᠩᠭ᠎ᠠ ᠰᠠᠬᠢᠬᠤ᠂ ᠲᠣᠭᠤᠷᠢᠨ ᠪᠠᠶᠢᠴᠠᠭᠠᠬᠤ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ ᠣᠯᠠᠨ ᠲᠦᠮᠡᠨ ᠳᠤ ᠠᠮᠤᠷ ᠲᠦᠪᠰᠢᠨ᠂ ᠡᠮᠬᠢ ᠵᠢᠷᠤᠮ ᠲᠠᠢ᠂ ᠪᠣᠯᠪᠠᠰᠤᠨ ᠲᠠᠬᠢᠯᠭ᠎ᠠ ᠶᠢᠨ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠵᠤ ᠥᠭᠬᠦ ᠪᠣᠯᠤᠨ᠎ᠠ᠃    ᠥᠷᠭᠡᠨ ᠢᠶᠠᠷ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ︽ᠵᠠᠯᠠᠨ ᠠᠶᠢᠯ ᠬᠤᠲᠠ ᠶᠢᠨ 2024 ᠣᠨ ᠤ ᠬᠤᠲᠠ ᠶᠢᠨ ᠲᠣᠭᠤᠷᠢᠭ ᠤᠨ ᠪᠣᠯᠪᠠᠰᠤᠨ ᠤ ᠲᠠᠬᠢᠯᠭ᠎ᠠ ᠶᠢᠨ ᠲᠣᠭᠲᠠᠭᠰᠠᠨ ᠴᠡᠭ ᠤᠨ ᠲᠠᠬᠢᠯᠭ᠎ᠠ ᠶᠢᠨ ᠲᠤᠬᠠᠶ ᠵᠠᠷᠯᠠᠯ︾ ᠢ ᠤᠷᠢᠳᠴᠢᠯᠠᠨ ᠨᠡᠶᠢᠲᠡᠯᠡᠬᠦ ᠪᠠᠷ ᠳᠠᠮᠵᠢᠭᠤᠯᠤᠨ᠂ ᠪᠣᠯᠪᠠᠰᠤᠨ ᠤ ᠲᠠᠬᠢᠯᠭ᠎ᠠ ᠶᠢ ᠰᠠᠨᠠᠭᠠᠴᠢᠯᠠᠵᠤ᠂ ᠭᠠᠯ ᠰᠡᠷᠭᠡᠶᠢᠯᠡᠬᠦ ᠲᠣᠭᠲᠠᠭᠠᠯ ᠢ ᠵᠢᠷᠤᠮᠯᠠᠨ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠥᠷᠭᠡᠨ ᠣᠯᠠᠨ ᠬᠤᠲᠠ ᠶᠢᠨ ᠠᠷᠠᠳ ᠢ ᠬᠥᠲᠥᠯᠦᠨ ᠵᠢᠯᠣᠭᠤᠳᠴᠤ ᠲᠣᠭᠲᠠᠭᠰᠠᠨ ᠴᠡᠭ ᠤᠨ ᠲᠠᠬᠢᠯᠭ᠎ᠠ ᠶᠢ ᠬᠢᠯᠭᠡᠵᠦ᠂ ᠪᠣᠯᠪᠠᠰᠤᠨ ᠤ ᠲᠠᠬᠢᠯᠭ᠎ᠠ ᠶᠢᠨ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠮᠠᠨ ᠤ ᠠᠮᠢᠳᠤᠷᠠᠯ ᠤᠨ ᠣᠷᠴᠢᠨ ᠲᠣᠭᠤᠷᠢᠨ ᠪᠠ ᠬᠡᠷ ᠣᠷᠣᠨ ᠢᠶᠠᠨ ᠬᠠᠮᠲᠤ ᠪᠠᠷ ᠬᠠᠮᠠᠭᠠᠯᠠᠪᠠ᠃    ᠬᠦᠴᠦᠨ ᠢᠶᠠᠨ ᠨᠢᠭᠡᠳᠦᠯᠲᠡᠶ ᠲᠥᠯᠥᠪᠯᠡᠵᠦ ᠪᠠᠲᠤᠯᠠᠭ᠎ᠠ ᠶᠢ ᠴᠢᠩᠭᠠᠳᠬᠠᠨ᠎ᠠ᠃ ᠬᠥᠮᠦᠨ ᠲᠣᠭᠲᠠᠭᠠᠵᠤ ᠬᠠᠷᠠᠭᠤᠯ ᠲᠣᠭᠲᠠᠭᠠᠵᠤ ᠴᠢᠬᠤᠯᠠ ᠵᠠᠮ ᠤᠨ ᠠᠭᠤᠯᠵᠠᠷ ᠢ ᠵᠢᠵᠢᠭᠦᠷᠯᠡᠨ ᠰᠠᠬᠢᠨ᠎ᠠ᠃ ᠪᠦᠬᠦ ᠠᠵᠢᠯᠲᠠᠳ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠤᠰ ᠲᠤᠰ ᠬᠠᠷᠢᠶ᠎ᠠ ᠣᠷᠣᠨ ᠤ ᠪᠠᠨ 21 ᠲᠥᠪᠯᠡᠷᠡᠭᠦᠯᠦᠨ ᠰᠢᠲᠠᠭᠠᠬᠤ ᠴᠡᠭ ᠲᠤ 180 ᠭᠠᠷᠤᠶ ᠰᠢᠲᠠᠭᠠᠬᠤ ᠵᠤᠤᠬ᠎ᠠ ᠲᠠᠯᠪᠢᠵᠤ ᠵᠢᠵᠢᠭᠦᠷᠯᠡᠨ ᠰᠠᠬᠢᠵᠤ᠂ ᠡᠭᠦᠨ ᠤ ᠵᠡᠷᠭᠡ ᠳᠤ ᠡᠯ᠎ᠡ ᠵᠠᠮ ᠤᠨ ᠰᠥᠨᠢ ᠪᠠᠷ ᠲᠣᠭᠤᠷᠢᠨ ᠪᠠᠶᠢᠴᠠᠭᠠᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠣᠷᠣᠶ ᠪᠦᠷᠢ ᠶᠢᠨ 18 ᠴᠠᠭ ᠠᠴᠠ 22 ᠴᠠᠭ ᠪᠣᠯᠲᠠᠯ᠎ᠠ ᠲᠣᠭᠲᠠᠭᠰᠠᠨ ᠭᠠᠵᠠᠷ ᠲᠤ ᠵᠢᠵᠢᠭᠦᠷᠯᠡᠨ ᠰᠠᠬᠢᠬᠤ ᠪᠠ ᠨᠡᠭᠦᠳᠡᠯᠯᠡᠨ ᠲᠣᠭᠤᠷᠢᠨ ᠪᠠᠶᠢᠴᠠᠭᠠᠬᠤ ᠶᠢ ᠤᠶᠠᠯᠳᠤᠭᠤᠯᠵᠤ᠂ ᠲᠠᠬᠢᠯᠭ᠎ᠠ ᠶᠢᠨ ᠬᠡᠷᠡᠭᠰᠡᠯ ᠢ ᠳᠤᠷ᠎ᠠ ᠪᠠᠷ ᠢᠶᠠᠨ ᠰᠢᠲᠠᠭᠠᠬᠤ ᠵᠡᠷᠭᠡ ᠪᠣᠯᠪᠠᠰᠤᠨ ᠪᠤᠰᠤ ᠲᠠᠬᠢᠯᠭ᠎ᠠ ᠶᠢᠨ ᠠᠵᠢᠯᠯᠠᠭ᠎ᠠ ᠶᠢ ᠴᠠᠭ ᠲᠤᠬᠠᠶ ᠳᠤᠨᠢ ᠢᠳᠬᠠᠨ ᠬᠤᠷᠢᠭᠯᠠᠬᠤ ᠶᠢᠨ ᠬᠠᠮᠲᠤ ᠬᠤᠲᠠ ᠶᠢᠨ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠲᠡ ᠶᠢᠨ ᠰᠢᠲᠠᠭᠠᠬᠤ ᠭᠠᠵᠠᠷ ᠲᠤ ᠣᠴᠢᠭᠤᠯᠵᠤ ᠲᠠᠬᠢᠯᠭ᠎ᠠ ᠶᠢᠨ ᠬᠡᠷᠡᠭᠰᠡᠯ ᠢ ᠰᠢᠲᠠᠭᠠᠨ᠎ᠠ᠃     ᠬᠤᠳᠠ ᠶᠢᠨ ᠵᠠᠮ ᠢ ᠴᠡᠪᠡᠷᠯᠡᠨ ᠠᠷᠢᠯᠭᠠᠬᠤ ᠡᠷᠴᠢᠮ ᠢ ᠴᠢᠩᠭᠠᠷᠠᠭᠤᠯᠤᠨ᠎ᠠ᠃ ᠬᠤᠲᠠ ᠶᠢᠨ ᠠᠷᠠᠳ ᠤᠨ ᠲᠠᠬᠢᠯᠭ᠎ᠠ ᠶᠢᠨ ᠬᠤᠭᠤᠴᠠᠭᠠᠨ ᠳᠤ ᠲᠠᠬᠢᠯᠭ᠎ᠠ ᠶᠢᠨ ᠬᠡᠷᠡᠭᠰᠡᠯ ᠵᠡᠷᠭᠡ ᠬᠤᠭ ᠨᠣᠪᠰᠢ ᠶᠢ ᠠᠰᠬᠠᠵᠤ᠂ ᠰᠢᠲᠠᠭᠠᠵᠤ᠂ ᠬᠤᠭ ᠨᠣᠪᠰᠢ ᠶᠢ ᠪᠥᠬᠦ ᠲᠠᠯ᠎ᠠ ᠪᠠᠷ ᠴᠡᠪᠡᠷᠯᠡᠵᠦ᠂ ᠰᠢᠲᠠᠭᠠᠬᠤ ᠵᠤᠤᠬᠠᠨ ᠳᠠᠬᠢ ᠦᠨᠡᠰᠦ ᠶᠢ ᠴᠠᠭ ᠲᠤᠬᠠᠶ ᠳᠤᠨᠢ ᠴᠡᠪᠡᠷᠯᠡᠵᠦ᠂ ᠬᠤᠲᠠ ᠶᠢᠨ ᠠᠷᠠᠳ ᠤᠨ ᠬᠡᠷᠡᠭᠯᠡᠬᠦ ᠳᠤ ᠲᠥᠬᠦᠮ ᠪᠣᠯᠭᠠᠨ᠂ ᠵᠠᠮ ᠱᠤᠭᠤᠮ ᠢ ᠴᠡᠪᠡᠷᠯᠡᠵᠦ᠂ ᠲᠠᠬᠢᠯᠭ᠎ᠠ ᠶᠢᠨ ᠳᠠᠷᠠᠭᠠᠬᠢ ᠦᠯᠡᠳᠡᠭᠳᠡᠯ ᠮᠥᠷ ᠢ ᠠᠷᠢᠯᠭᠠᠵᠤ᠂ ᠣᠷᠴᠢᠨ ᠲᠣᠭᠤᠷᠢᠨ ᠤ ᠪᠣᠬᠢᠷᠲᠤᠯ ᠢ ᠪᠠᠭᠠᠰᠬᠠᠨ᠂ ᠲᠠᠬᠢᠯᠭ᠎ᠠ ᠶᠢᠨ ᠬᠤᠭᠤᠴᠠᠭᠠᠨ ᠳᠠᠬᠢ ᠬᠤᠲᠠ ᠶᠢᠨ ᠦᠵᠡᠮᠵᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠡᠮᠬᠢ ᠳᠢᠭᠯᠢᠮ ᠤᠨ ᠰᠠᠶᠢᠨ ᠪᠠᠶᠢᠬᠤ ᠶᠢ ᠪᠠᠲᠤᠯᠠᠨ᠎ᠠ᠃     ᠬᠢᠨᠠᠨ ᠵᠢᠯᠣᠭᠤᠳᠴᠤ ᠪᠠᠲᠤᠯᠠᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠴᠢᠩᠭᠠᠳᠬᠠᠨ᠎ᠠ ᠲᠣᠪᠴᠢᠶᠠᠨ ᠤ ᠤᠳᠤᠷᠢᠳᠬᠤ ᠪᠠᠭ ᠲᠤ ᠠᠩᠭᠢ ᠳᠠᠭᠠᠭᠤᠯᠬᠤ ᠳᠦᠷᠢᠮ ᠢ ᠬᠡᠷᠡᠭᠵᠢᠭᠦᠯᠵᠦ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠬᠠᠩᠰᠢ ᠶᠢᠨ ᠡᠳᠦᠷ ᠤᠨ ᠪᠣᠯᠪᠠᠰᠤᠨ ᠤ ᠳᠠᠬᠢᠯᠭ᠎ᠠ ᠵᠢᠴᠢ ᠬᠤᠲᠠ ᠶᠢᠨ ᠬᠠᠮᠢᠶᠠᠷᠤᠯᠲᠠ ᠶᠢᠨ ᠠᠵᠢᠯ ᠳᠤ ᠪᠦᠬᠦ ᠲᠠᠯ᠎ᠠ ᠶᠢᠨ ᠪᠠᠶᠢᠴᠠᠭᠠᠯᠲᠠ ᠪᠠ ᠵᠢᠯᠣᠭᠤᠳᠣᠯᠭ᠎ᠠ ᠶᠠᠪᠤᠭᠤᠯᠵᠤ᠂ ᠠᠷᠭ᠎ᠠ ᠬᠡᠮᠵᠢᠶ᠎ᠡ ᠨᠢᠭᠡᠪᠦᠷᠢ ᠶᠢ ᠦᠨᠡᠨᠬᠦ ᠨᠠᠶᠢᠳᠠᠪᠤᠷᠢᠵᠢᠭᠤᠯᠬᠤ ᠶᠢ ᠪᠠᠲᠤᠯᠠᠭᠰᠠᠨ ᠪᠠᠶᠢᠨ᠎ᠠ᠃ ᠡᠭᠦᠨ ᠤ ᠵᠡᠷᠭᠡᠴᠡᠭᠡᠪᠡᠷ᠂ ᠲᠦᠷᠦᠭᠦᠯᠡᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠯ᠎ᠡ ᠵᠦᠢᠯ ᠤᠨ ᠠᠰᠠᠭᠤᠳᠠᠯ ᠢ ᠴᠠᠭ ᠲᠤᠬᠠᠶ ᠳᠤᠨᠢ ᠪᠦᠲᠦᠮᠵᠢᠲᠡᠶ ᠪᠠᠷ ᠰᠢᠢᠳᠪᠦᠷᠢᠯᠡᠬᠦ ᠬᠡᠷᠡᠭᠲᠡᠶ᠃      ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ 2024 ᠣᠨ ᠤ ᠲᠣᠭᠲᠠᠭᠰᠠᠨ ᠴᠡᠭ ᠤᠨ ᠲᠠᠬᠢᠯᠭ᠎ᠠ ᠶᠢᠨ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠥᠷᠭᠡᠨ ᠤᠯᠠᠨ ᠬᠤᠳᠠ ᠶᠢᠨ ᠠᠷᠠᠳ ᠲᠠᠢ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ᠂ ᠴᠡᠪᠡᠷ ᠴᠡᠮᠴᠡᠭᠡᠷ᠂ ᠣᠷᠣᠰᠢᠨ ᠰᠠᠭᠤᠬᠤ ᠳᠤ ᠲᠠᠭᠠᠯᠠᠮᠵᠢᠲᠠᠢ ᠬᠤᠳᠠ ᠶᠢᠨ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ