ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ᠤᠨ 2024 ᠣᠨ ᠤ ᠲᠤᠬᠠᠶᠢᠯᠠᠭᠰᠠᠨ ᠠᠵᠢᠯ ᠤᠨ ᠬᠢᠨᠠᠨ ᠰᠢᠯᠭᠠᠯᠲᠠ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2024/4/11
    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠵᠤ᠂ ᠤᠯᠠᠭᠠᠨᠮᠥ᠋ᠴᠢᠷ ᠤᠨ ᠢᠷᠠᠭᠤ ᠠᠯᠳᠠᠷᠲᠤ ᠤᠯᠠᠮᠵᠢᠯᠠᠯ ᠢ ᠤᠯᠠᠮᠵᠢᠯᠠᠨ ᠪᠠᠳᠠᠷᠠᠭᠤᠯᠵᠤ᠂ ᠬᠤᠳᠠ ᠶᠢᠨ ᠤᠯᠠᠭᠠᠨᠮᠥ᠋ᠴᠢᠷ ᠤᠨ ᠪᠦᠬᠦ᠋ᠢᠯᠡ ᠲᠤᠬᠠᠶᠢᠯᠠᠭᠰᠠᠨ ᠠᠵᠢᠯ ᠤᠨ ᠲᠦᠪᠰᠢᠨ ᠪᠣᠯᠤᠨ ᠭᠡᠰᠢᠭᠦᠳ ᠤᠨ ᠨᠢᠭᠡ ᠵᠦᠢᠯ ᠳᠤ ᠮᠡᠷᠭᠡᠰᠢᠵᠦ ᠤᠯᠠᠨ ᠵᠦᠢᠯ ᠳᠤ ᠴᠢᠳᠠᠪᠤᠷᠢ ᠲᠠᠢ ᠪᠠᠶᠢᠬᠤ ᠶᠡᠷᠦᠩᠬᠡᠶᠢᠯᠡᠭᠰᠡᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠤᠢᠢᠷ᠎ᠠ ᠳᠤ᠂ ᠵᠠᠯᠠᠨ ᠠᠶᠢᠯ ᠬᠤᠳᠠ ᠶᠢᠨ ᠤᠯᠠᠭᠠᠨᠮᠥ᠋ᠴᠢᠷ ᠠᠴᠠ 2024 ᠣᠨ ᠤ ᠲᠤᠬᠠᠶᠢᠯᠠᠭᠰᠠᠨ ᠠᠵᠢᠯ ᠤᠨ ᠬᠢᠨᠠᠨ ᠰᠢᠯᠭᠠᠬᠤ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ ᠶᠠᠪᠤᠭᠳᠠᠭᠤᠯᠵᠠᠢ᠃    ᠰᠢᠨᠵᠢᠯᠡᠬᠦ ᠤᠬᠠᠭᠠᠨᠴᠢ ᠴᠢᠩᠭ᠎ᠠ ᠨᠢᠮᠪᠠᠶ ᠬᠢᠨᠠᠨ ᠰᠢᠯᠭᠠᠬᠤ ᠶᠠᠪᠤᠴᠠ ᠪᠠᠷ ᠳᠡᠮᠵᠢᠨ᠂ ᠬᠢᠨᠠᠨ ᠰᠢᠯᠭᠠᠬᠤ ᠳᠤᠭᠤᠶᠢᠯᠠᠩ ᠤᠨ ᠬᠢᠨ ᠭᠡᠰᠢᠭᠦᠨ ᠨᠢᠭᠡᠪᠦᠷᠢ ᠶᠢᠨ ᠲᠤᠰᠬᠠᠶ ᠮᠡᠷᠭᠡᠵᠢᠯ ᠤᠨ ᠬᠢᠷᠢ ᠲᠦᠪᠰᠢᠨ᠂ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠲᠠᠶᠢᠰᠠᠨ ᠤ ᠢᠯᠡᠷᠡᠭᠦᠯᠬᠦ ᠴᠢᠳᠠᠪᠤᠷᠢ ᠶᠢ ᠭᠦᠨᠵᠡᠭᠡᠶ ᠰᠢᠯᠭᠠᠨ ᠪᠠᠶᠢᠴᠠᠭᠠᠵᠤ᠂ ᠲᠤᠬᠠᠶ ᠶᠢᠨ ᠲᠠᠯᠠᠪᠤᠷ ᠲᠤ ᠭᠡᠰᠢᠭᠦᠳ ᠢ ᠬᠠᠪᠰᠤᠷᠤᠨ ᠥᠪᠡᠷ ᠤᠨ ᠪᠡᠶ᠎ᠡ ᠳᠤᠨᠢ ᠣᠷᠣᠰᠢᠵᠤ ᠪᠠᠶᠢᠭ᠎ᠠ ᠬᠦᠷᠦᠯᠴᠡᠬᠦ ᠥᠬᠡᠶ ᠲᠠᠯ᠎ᠠ ᠶᠢ ᠨᠢ ᠣᠨᠣᠪᠴᠢᠲᠠᠶ ᠢᠯᠭᠠᠨ ᠲᠠᠨᠢᠭᠤᠯᠬᠤ ᠶᠢᠨ ᠬᠠᠮᠲᠤ᠂ ᠲᠡᠳᠡᠨ ᠢ ᠵᠣᠷᠢᠭᠵᠢᠭᠤᠯᠤᠨ ᠰᠠᠶᠢᠵᠢᠷᠠᠭᠤᠯᠵᠤ ᠳᠡᠭᠡᠭᠰᠢᠯᠡᠭᠦᠯᠬᠦ ᠪᠦᠲᠦᠮᠵᠢᠲᠡᠶ ᠠᠷᠭ᠎ᠠ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠬᠦ ᠶᠢᠨ ᠬᠠᠮᠲᠤ ᠦᠨᠡᠯᠡᠨ ᠵᠢᠱᠢᠭᠰᠡᠨ ᠦᠷ᠎ᠡ ᠳ᠋ᠦᠩ ᠢ ᠭᠡᠰᠢᠭᠦᠳ ᠤᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠤ᠂ ᠲᠡᠳᠡᠨ ᠳᠤ ᠬᠠᠨᠳᠤᠯᠭᠠᠲᠤ ᠴᠢᠨᠠᠷᠲᠠᠶ ᠪᠣᠯᠪᠠᠰᠤᠷᠠᠭᠤᠯᠤᠯ ᠤᠨ ᠲᠥᠯᠥᠪᠯᠡᠭᠡ ᠪᠠ ᠲᠥᠰᠦᠯ ᠢ ᠪᠣᠶ ᠪᠣᠯᠭᠠᠵᠤ ᠥᠭᠬᠦ ᠬᠡᠷᠡᠭᠲᠡᠶ᠃   ᠣᠶᠢᠷ᠎ᠠ ᠶᠢᠨ ᠵᠢᠯ ᠤᠳ ᠲᠤ᠂ ᠬᠤᠲᠠ ᠶᠢᠨ ᠤᠯᠠᠭᠠᠨᠮᠥ᠋ᠴᠢᠷ ᠤᠨ ᠬᠢᠨ ᠵᠢᠯ ᠪᠦᠷᠢ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠬᠢᠨᠠᠨ ᠰᠢᠯᠭᠠᠬᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠪᠦᠯᠬᠦᠮᠳᠡᠨ ᠲᠡᠮᠡᠴᠡᠬᠦ ᠠᠵᠢᠯ ᠤᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠬᠤ ᠶᠢᠨ ᠬᠠᠮᠲᠤ᠂ ᠤᠯᠠᠭᠠᠨᠮᠥ᠋ᠴᠢᠷ ᠤᠨ ᠬᠤᠶᠢᠰᠢᠳᠠ ᠦᠨᠳᠦᠰᠦᠨ ᠱᠠᠲᠤᠨ ᠤ ᠣᠯᠠᠨ ᠲᠦᠮᠡᠨ ᠳᠤ ᠨᠠᠩ ᠰᠠᠶᠢᠲᠤᠷ ᠦᠢᠯᠡᠴᠢᠯᠡᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠢᠷᠡᠭᠡᠳᠦᠢ ᠶᠢᠨ ᠠᠵᠢᠯ ᠳᠤᠮᠳᠠ᠂ ᠬᠤᠳᠠ ᠶᠢᠨ ᠤᠯᠠᠭᠠᠨᠮᠥ᠋ᠴᠢᠷ ᠤᠨ ᠬᠢᠨ ᠦᠷᠭᠦᠯᠵᠢᠯᠡᠨ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠲᠥᠪ ᠴᠢᠩᠭ᠎ᠠ ᠣᠪᠣᠷ ᠢᠶᠠᠨ ᠪᠠᠷᠢᠮᠲᠠᠯᠠᠵᠤ᠂ ᠭᠡᠰᠢᠭᠦᠳ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠤᠨ ᠶᠡᠷᠦᠩᠬᠡᠢ ᠬᠡᠪ ᠴᠢᠨᠠᠷ ᠢ ᠳᠠᠰᠤᠷᠠᠯᠳᠠ ᠦᠬᠡᠢ ᠳᠡᠭᠡᠭᠰᠢᠯᠡᠭᠦᠯᠵᠦ᠂ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠰᠢᠨ᠎ᠡ ᠬᠡᠷᠡᠭᠴᠡᠭᠡ ᠳᠤ ᠵᠣᠬᠢᠴᠠᠵᠤ᠂ ᠠᠵᠢᠯ ᠤᠨ ᠰᠡᠳᠬᠢᠴᠡ ᠪᠣᠯᠤᠨ ᠠᠷᠭ᠎ᠠ ᠶᠢᠨ ᠰᠢᠨ᠎ᠡ ᠶᠢ ᠡᠭᠦᠳᠴᠦ᠂ ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠦᠩᠭᠡᠨ ᠮᠣᠷᠢᠲᠤ ᠴᠡᠷᠢᠭ ᠪᠣᠯᠬᠤ ᠪᠣᠯᠤᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ