ᠡᠷᠬᠢᠮ ᠰᠤᠷᠲᠠᠯ ᠢ ᠤᠯᠠᠮᠵᠢᠯᠠᠨ ᠬᠤᠰᠢᠭᠤᠴᠢ ᠪᠤᠯᠵᠤ ᠨᠠᠰᠤᠲᠠᠨ ᠲᠠᠢ ᠰᠡᠳᠬᠢᠯ ᠵᠢᠷᠦᠬᠡ ᠪᠠᠨ ᠬᠤᠯᠪᠣᠨ᠎ᠠ — ᠵᠠᠯᠠᠨ ᠠᠶᠢᠯ ᠬᠤᠳᠠ ᠶᠢᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠨᠠᠮ ᠤᠨ ᠡᠭᠦᠷ ︽ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ  ᠡᠷᠬᠢᠮᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠠᠴᠢᠯᠠᠬᠤ︾ ᠳᠤᠮᠳᠠᠳᠤ ᠶᠢᠨ ᠤᠯᠠᠮᠵᠢᠯᠠᠯᠲᠤ ᠰᠠᠶᠢᠨ ᠳᠤᠷ᠎ᠠ ᠶᠢᠨ  ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/4/15
    ᠤᠷᠢᠬᠠᠨ ᠬᠠᠪᠤᠷ ᠡᠶᠡᠪᠡᠷᠭᠦᠦ ᠰᠠᠯᠬᠢᠨ ᠤ ᠠᠶ᠎ᠠ ᠪᠠᠷ  ᠲᠩᠷᠢ ᠭᠠᠵᠠᠷ ᠢ ᠪᠦᠷᠬᠦᠮᠦᠢ᠃ 2024 ᠣᠨ ᠤ 4 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ  ᠦᠢᠯᠡᠰ ᠤᠨ ᠬᠥᠭᠵᠢᠯᠲᠡ ᠶᠢᠨ ᠲᠥᠪ ᠤᠨ ᠨᠠᠮ ᠤᠨ ᠡᠭᠦᠷ ᠨᠠᠮ ᠤᠨ ᠭᠡᠰᠢᠭᠦᠨ ᠪᠠᠭᠰᠢ ᠨᠠᠷ ᠢ ᠵᠣᠬᠢᠶᠠᠨ ᠪᠠᠶᠢᠭᠤᠯᠵᠤ ᠵᠠᠯᠠᠨ ᠠᠶᠢᠯ ᠬᠤᠲᠠ ᠶᠢᠨ ᠲᠢᠶᠠᠨ ᠢ ᠹᠤᠩ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠳᠤ ︽ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠡᠷᠬᠢᠮᠯᠡᠬᠦ ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠠᠴᠢᠯᠠᠬᠤ︾ ᠳᠤᠮᠳᠠᠳᠤ ᠶᠢᠨ ᠤᠯᠠᠮᠵᠢᠯᠠᠯᠲᠤ ᠰᠠᠶᠢᠨ ᠳᠤᠷ᠎ᠠ ᠶᠢᠨ ᠶᠣᠰᠣ ᠮᠣᠷᠠᠯ ᠢ ᠪᠠᠳᠠᠷᠠᠭᠤᠯᠬᠤ  ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠡᠬᠢᠯᠡᠮᠡᠭᠴᠡ᠂ ᠨᠠᠮ ᠤᠨ ᠭᠡᠰᠢᠭᠦᠨ ᠪᠠᠭᠰᠢ ᠨᠠᠷ ᠨᠠᠮ ᠤᠨ ᠰᠦᠯᠳᠡ ᠪᠠᠨ ᠵᠡᠭᠦᠵᠦ᠂ ᠬᠦᠰᠡᠯ ᠡᠷᠡᠮᠡᠯᠵᠡᠯ ᠡᠪᠦᠷᠯᠡᠨ᠂ ᠵᠠᠯᠠᠨ ᠠᠶᠢᠯ ᠬᠤᠲᠠ ᠶᠢᠨ ᠲᠢᠶᠠᠨ ᠢ ᠹᠤᠩ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠳᠤ ᠬᠦᠷᠴᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠲᠡᠨᠳᠡ ᠠᠮᠢᠳᠤᠷᠠᠵᠤ ᠪᠠᠶᠢᠭ᠎ᠠ ᠨᠠᠰᠤᠲᠠᠶᠢᠴᠤᠳ ᠢ ᠪᠣᠯᠭᠤᠭᠠᠨ ᠲᠣᠬᠤᠨᠢᠭᠤᠯᠬᠤ ᠶᠢᠨ ᠬᠠᠮᠲᠤ ᠲᠡᠳᠡᠨ ᠳᠤ ᠥᠪᠡᠷ ᠤᠨ ᠵᠠᠷᠤᠳᠠᠯ ᠢᠶᠠᠷ ᠢᠶᠠᠨ ᠬᠤᠳᠠᠯᠳᠤᠨ ᠠᠪᠤᠭᠰᠠᠨ ᠲᠠᠬᠢᠶᠠᠨ ᠥᠨᠳᠡᠭᠡ ᠪᠠ  ᠨᠠᠢᠮᠠᠨ ᠡᠷᠳᠡᠨᠢ ᠶᠢᠨ ᠰᠢᠩᠭᠡᠨ ᠪᠤᠳᠠᠭ᠎ᠠ ᠠᠪᠴᠢᠷᠠᠵᠤ ᠥᠭᠴᠦ᠂ ᠨᠠᠮ ᠤᠨ ᠡᠭᠦᠷ ᠤᠨ ᠬᠠᠯᠠᠮᠵᠢᠯᠠᠯ ᠪᠠ ᠨᠠᠮ ᠤᠨ ᠭᠡᠰᠢᠭᠦᠨ ᠪᠠᠭᠰᠢ ᠨᠠᠷ ᠤᠨ ᠬᠠᠶᠢᠷ᠎ᠠ ᠬᠠᠯᠠᠮᠵᠢ ᠶᠢ ᠢᠯᠡᠳᠬᠡᠵᠡᠶ᠃     ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ ᠨᠠᠮ ᠤᠨ ᠭᠡᠰᠢᠭᠦᠨ ᠪᠠᠭᠰᠢ ᠨᠠᠷ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢᠨ ᠬᠠᠷᠢᠭᠤᠴᠠᠯᠭᠠᠲᠠᠨ ᠤ ᠳᠠᠭᠠᠭᠤᠯᠭ᠎ᠠ ᠳᠣᠣᠷ᠎ᠠ᠂ ᠬᠤᠭᠤᠯᠠᠨ ᠭᠡᠷ᠂ ᠣᠷᠣᠨ ᠰᠠᠭᠤᠴᠠ᠂ ᠠᠮᠢᠳᠤᠷᠠᠯ ᠤᠨ ᠲᠥᠬᠦᠭᠡᠷᠦᠮᠵᠢ ᠵᠡᠷᠭᠡ ᠶᠢ ᠲᠣᠭᠤᠷᠢᠨ ᠦᠵᠡᠵᠦ᠂ ᠡᠭᠦᠨ ᠤ ᠬᠠᠮᠲᠤ ᠨᠠᠰᠤᠲᠠᠶᠢᠴᠤᠳ ᠤᠨ ᠰᠠᠭᠤᠵᠤ ᠪᠠᠶᠢᠭ᠎ᠠ ᠴᠡᠪᠡᠷ ᠴᠡᠮᠴᠡᠭᠡᠷ ᠥᠷᠥᠭᠡᠨ ᠳᠤ ᠣᠷᠣᠵᠤ᠂ ᠲᠡᠳᠡᠨ ᠲᠠᠢ ᠡᠪᠦᠳᠦᠭ ᠨᠤᠭᠤᠯᠤᠨ ᠵᠣᠭᠤᠭᠳᠠᠵᠤ᠂ ᠡᠷᠡᠭᠦᠯ ᠮᠡᠨᠳᠦ ᠶᠢ ᠠᠰᠠᠭᠤᠵᠤ᠂ ᠵᠣᠭᠤᠭ ᠳᠡᠯᠭᠡᠵᠦ᠂ ᠲᠥᠷᠥᠭᠳᠡᠯ ᠢᠶᠠᠨ ᠶᠠᠷᠢᠯᠴᠠᠵᠤ᠂ ᠢᠷᠡᠭᠡᠳᠦᠶ ᠪᠠᠨ ᠳᠡᠯᠭᠡᠨ ᠦᠵᠡᠭᠦᠯᠬᠦ ᠳᠤ ᠨᠠᠰᠤᠲᠠᠶᠢᠴᠤᠳ ᠮᠡᠳᠡᠪᠡᠯ ᠬᠡᠯᠡᠵᠦ᠂ ᠬᠡᠯᠡᠪᠡᠯ ᠳᠠᠭᠤᠰᠬᠠᠬᠤ ᠰᠡᠳᠬᠢᠯ ᠳᠡᠭᠡᠨ ᠵᠣᠯ ᠵᠢᠷᠭᠠᠯ ᠤᠨ ᠰᠡᠳᠬᠢᠭᠳᠡᠯ ᠪᠢᠯᠬᠠᠵᠤ᠂ ᠤᠯᠤᠰ ᠣᠷᠣᠨ ᠤ ᠡᠯ᠎ᠡ ᠵᠦᠢᠯ ᠤᠨ ᠠᠰᠠᠷᠠᠮᠵᠢ ᠪᠠ ᠨᠠᠮ ᠤᠨ ᠠᠷᠠᠳ ᠲᠤ ᠠᠰᠢᠭ ᠬᠦᠷᠲᠡᠭᠡᠬᠦ ᠰᠠᠶᠢᠨ ᠲᠥᠷᠥ ᠶᠢᠨ ᠪᠣᠳᠣᠯᠭ᠎ᠠ ᠪᠠᠶᠢᠮᠠᠨᠵᠢᠨ ᠰᠠᠶ᠋ᠢ ᠥᠨᠥᠳᠦᠷ ᠤᠨ ᠰᠢᠭ ᠢᠩᠭᠢᠵᠦ ᠰᠠᠨᠠᠭ᠎ᠠ ᠠᠮᠤᠷ ᠥᠲᠡᠯᠦᠭᠡ ᠨᠠᠰᠤᠨ ᠤ ᠠᠮᠢᠳᠤᠷᠠᠯ ᠢᠶᠠᠨ ᠠᠮᠤᠷ ᠵᠢᠮᠦᠷ ᠡᠳ᠋ᠯᠡᠵᠦ ᠴᠢᠳᠠᠨ᠎ᠠ ᠭᠡᠵᠦ ᠰᠡᠳᠬᠢᠯ ᠳᠣᠭᠳᠣᠯᠤᠨ ᠶᠠᠷᠢᠵᠤ ᠪᠠᠶᠢᠯ᠎ᠠ᠂ ᠲᠡᠳᠡ ᠲᠡᠳᠡᠨ ᠲᠠᠢ ᠰᠡᠳᠬᠢᠯ ᠳᠣᠭᠳᠣᠯᠤᠨ ᠶᠠᠷᠢᠵᠤ ᠪᠠᠶᠢᠯ᠎ᠠ᠂ ᠲᠡᠳᠡ ᠤᠯᠤᠰ ᠣᠷᠣᠨ ᠤ ᠡᠯ᠎ᠡ  ᠵᠦᠢᠯ ᠤᠨ ᠠᠰᠠᠷᠠᠮᠵᠢ ᠪᠠ ᠨᠠᠮ ᠤᠨ ᠠᠷᠠᠳ ᠲᠤ ᠠᠰᠢᠭ ᠬᠦᠷᠲᠡᠭᠡᠬᠦ ᠰᠠᠶᠢᠨ ᠲᠥᠷᠥ ᠶᠢᠨ ᠪᠣᠳᠣᠯᠭ᠎ᠠ ᠪᠠᠶᠢᠮᠠᠨᠵᠢᠨ ᠰᠠᠶ᠋ᠢ ᠥᠨᠥᠳᠦᠷ ᠤᠨ ᠰᠢᠭ ᠢᠩᠭᠢᠵᠦ ᠥᠲᠡᠯᠦᠭᠡ ᠨᠠᠰᠤᠨ ᠤ ᠪᠠᠨ ᠠᠮᠢᠳᠤᠷᠠᠯ ᠢ ᠠᠮᠤᠷ ᠵᠢᠮᠦᠷ ᠡᠳ᠋ᠯᠡᠵᠦ ᠴᠢᠳᠠᠨ᠎ᠠ ᠭᠡᠵᠦ ᠰᠡᠳᠬᠢᠯ ᠳᠣᠭᠳᠣᠯᠤᠨ ᠶᠠᠷᠢᠵᠤ ᠪᠠᠶᠢᠯ᠎ᠠ᠃  ᠨᠠᠰᠤᠲᠠᠶᠢᠴᠤᠳ ᠤᠨ ᠪᠠᠶᠠᠷᠲᠤ ᠢᠨᠢᠶᠡᠳᠦ ᠶᠢ ᠣᠯᠵᠤ ᠬᠠᠷᠠᠵᠤ᠂ ᠨᠠᠰᠤᠲᠠᠶᠢᠴᠤᠳ ᠤᠨ ᠪᠠᠶᠠᠷᠲᠤ ᠢᠨᠢᠶᠡᠳᠦ ᠶᠢ ᠰᠣᠨᠣᠰᠤᠭᠠᠳ᠂ ᠠᠵᠢᠯᠯᠠᠭ᠎ᠠ ᠳᠤ ᠣᠷᠣᠯᠴᠠᠭᠰᠠᠨ ᠨᠠᠮ ᠤᠨ ᠭᠡᠰᠢᠭᠦᠨ ᠪᠠᠭᠰᠢ ᠨᠠᠷ ᠲᠦᠢᠯ ᠢᠶᠠᠷ ᠳᠣᠲᠣᠨᠣᠰᠤᠭ ᠢᠶᠠᠷ ᠤᠷᠮᠠᠰᠢᠨ ᠵᠣᠷᠢᠭᠵᠢᠵᠤ᠂ ᠲᠤᠰ ᠤᠳᠠᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠠᠴᠢ ᠬᠤᠯᠪᠣᠭᠳᠠᠯ ᠢ ᠪᠡᠶ᠎ᠡ ᠪᠠᠷ ᠢᠶᠠᠨ ᠤᠢᠢᠯᠠᠭᠠᠭᠰᠠᠨ ᠪᠥᠭᠡᠳ ᠴᠠᠭ ᠲᠠᠢ ᠪᠣᠯ ᠰᠠᠶᠢᠨ ᠳᠤᠷ᠎ᠠ ᠶᠢᠨ ᠠᠵᠢᠯᠯᠠᠭᠴᠢ ᠪᠣᠯᠬᠤ ᠢᠲᠡᠭᠡᠯ ᠵᠣᠷᠢᠭ ᠢᠶᠠᠨ ᠨᠡᠩ ᠪᠠᠲᠤᠳᠬᠠᠪᠠ᠃     ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠡᠷᠬᠢᠮᠯᠡᠬᠦ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠮᠥᠨ᠂ ᠨᠠᠰᠤᠲᠠᠨ ᠢᠶᠠᠨ ᠬᠠᠶᠢᠷᠠᠯᠠᠵᠤ ᠨᠠᠰᠤᠲᠠᠨ ᠢᠶᠠᠨ ᠬᠠᠪᠰᠤᠷᠬᠤ ᠪᠦᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠃ ᠲᠤᠰ ᠤᠳᠠᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠨᠢ ᠨᠠᠮ ᠤᠨ ᠭᠡᠰᠢᠭᠦᠨ ᠪᠠᠭᠰᠢ ᠶᠢᠨ ᠶᠣᠰᠣ ᠰᠤᠷᠲᠠᠬᠤᠨ ᠤ ᠪᠣᠯᠪᠠᠰᠤᠷᠠᠯ ᠢ ᠴᠢᠩᠭᠠᠳᠬᠠᠵᠤ᠂ ᠨᠠᠮ ᠤᠨ ᠭᠡᠰᠢᠭᠦᠨ ᠪᠠᠭᠰᠢ ᠶᠢᠨ ᠨᠡᠶᠢᠭᠡᠮ ᠤᠨ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠨᠠᠮ ᠤᠨ ᠭᠡᠰᠢᠭᠦᠨ ᠪᠠᠭᠰᠢ ᠶᠢᠨ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠡᠭᠦᠯᠵᠡᠢ᠃ ᠡᠨᠡ ᠨᠢ ᠪᠠᠰᠠ ᠨᠠᠮ ᠤᠨ ᠡᠭᠦᠷ ᠤᠨ ᠪᠦᠷᠢᠯᠳᠦᠬᠦᠨ ᠢ ᠵᠣᠷᠢᠭᠵᠢᠭᠤᠯᠤᠨ ᠬᠤᠶᠢᠰᠢᠳᠠ ᠶᠢᠨ ᠡᠳᠦᠷ ᠤᠳ ᠲᠤ ᠰᠠᠨᠠᠭᠠᠴᠢᠯᠠᠭ᠎ᠠ ᠠᠴᠠ ᠪᠠᠨ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠭᠦᠯᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠦᠨᠡᠨᠴᠢ ᠰᠢᠳᠤᠷᠭᠤ ᠪᠠᠷ ᠵᠢᠳᠬᠦᠵᠦ᠂ ᠮᠢᠩᠭᠠᠨ ᠵᠢᠯ ᠤᠯᠠᠮᠵᠢᠯᠠᠭᠰᠠᠨ ᠡᠨᠡᠬᠦ ᠤᠯᠠᠮᠵᠢᠯᠠᠯᠲᠤ ᠰᠠᠶᠢᠬᠠᠨ ᠰᠤᠷᠲᠠᠯ ᠢ ᠦᠷᠭᠦᠯᠵᠢᠯᠡᠨ ᠪᠠᠳᠠᠷᠠᠭᠤᠯᠬᠤ ᠨᠢ ᠵᠠᠶᠢᠯᠠᠰᠢ ᠦᠭᠡᠢ ᠶᠤᠮ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ