ᠬᠥᠮᠦᠨ ᠰᠣᠩᠭᠤᠬᠤ ᠬᠥᠮᠦᠨ ᠬᠡᠷᠡᠭᠯᠡᠬᠦ ᠲᠤᠰᠬᠠᠶ ᠪᠠᠶᠢᠴᠠᠭᠠᠯᠲᠠ ᠶᠢᠨ ᠮᠡᠳᠡᠭᠳᠡᠯ ᠤᠨ ᠪᠢᠴᠢᠭ
ᠨᠡᠶᠢᠲᠡᠯᠡᠭᠰᠡᠨ ᠴᠠᠭ᠄
2024/4/15
    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠬᠥᠮᠦᠨ ᠰᠣᠩᠭᠤᠨ ᠬᠡᠷᠡᠭᠯᠡᠬᠦ ᠲᠤᠰᠬᠠᠶ ᠪᠠᠶᠢᠴᠠᠭᠠᠯᠲᠠ ᠶᠢᠨ ᠳᠤᠭᠤᠶᠢᠯᠠᠩ 2024 ᠣᠨ ᠤ 3 ᠳ᠋ᠤᠭᠠᠷ ᠰᠠᠷ᠎ᠠ ᠶᠢᠨ 7 ᠤ ᠡᠳᠦᠷ ᠠᠴᠠ ᠡᠬᠢᠯᠡᠨ᠂ ᠵᠠᠯᠠᠨ ᠠᠶᠢᠯ ᠬᠤᠲᠠ ᠳᠤ ᠬᠥᠮᠦᠨ ᠰᠣᠩᠭᠤᠨ ᠬᠡᠷᠡᠭᠯᠡᠬᠦ ᠲᠤᠰᠬᠠᠶ ᠪᠠᠶᠢᠴᠠᠭᠠᠯᠲᠠ ᠶᠢ ᠥᠷᠨᠢᠭᠦᠯᠪᠡ᠃ ᠪᠠᠶᠢᠴᠠᠭᠠᠬᠤ ᠭᠤᠣᠯ ᠠᠭᠤᠯᠭ᠎ᠠ ᠨᠢ᠄ ᠨᠢᠭᠡ ᠳᠤ᠂ ᠤᠳᠤᠷᠢᠳᠬᠤ ᠪᠠᠭ ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠭᠰᠠᠨ ᠪᠠᠶᠢᠳᠠᠯ︔ ᠬᠤᠶᠠᠷ ᠲᠤ ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠢ ᠪᠠᠷᠢᠮᠲᠠᠯᠠᠭᠰᠠᠨ ᠪᠠᠶᠢᠳᠠᠯ︔ ᠭᠤᠷᠪᠠ ᠳᠤ ᠬᠥᠮᠦᠨ ᠬᠡᠷᠡᠭᠯᠡᠬᠦ ᠵᠥᠪ ᠤᠳᠤᠷᠢᠳᠤᠮᠵᠢ ᠶᠢᠨ ᠪᠠᠶᠢᠳᠠᠯ ᠢ ᠪᠤᠢ ᠪᠣᠯᠭᠠᠬᠤ ᠬᠡᠷᠡᠭᠲᠡᠶ︔ ᠲᠦᠷᠪᠡ ᠳᠤ᠂ ᠬᠥᠮᠦᠨ ᠰᠣᠩᠭᠤᠵᠤ ᠬᠥᠮᠦᠨ ᠬᠡᠷᠡᠭᠯᠡᠬᠦ ᠪᠠᠷᠢᠮᠵᠢᠶ᠎ᠠ ᠶᠢ ᠴᠢᠩᠭ᠎ᠠ ᠠᠳᠬᠤᠭᠰᠠᠨ ᠪᠠᠶᠢᠳᠠᠯ︔ ᠲᠠᠪᠤ ᠳᠤ ᠬᠥᠮᠦᠨ ᠰᠣᠩᠭᠤᠵᠤ ᠬᠥᠮᠦᠨ ᠬᠡᠷᠡᠭᠯᠡᠬᠦ ᠲᠥᠷᠥ ᠶᠢᠨ ᠪᠣᠳᠣᠯᠭ᠎ᠠ ᠲᠦᠷᠢᠮ ᠤᠨ ᠵᠢᠷᠤᠮ ᠢ ᠬᠡᠷᠡᠭᠵᠢᠭᠦᠯᠦᠭᠰᠡᠨ ᠪᠠᠶᠢᠳᠠᠯ︔ ᠵᠢᠷᠭᠤᠭ᠎ᠠ ᠳᠤ ᠠᠯᠪᠠᠲᠠᠨ ᠤ ᠬᠠᠤᠯᠢ ᠵᠢᠴᠢ ᠬᠠᠮᠢᠶ᠎ᠠ ᠪᠥᠬᠦᠶ ᠢᠵᠢ ᠪᠥᠷᠢᠳᠦᠭᠰᠡᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ︔ ᠲᠤᠯᠤᠭ᠎ᠠ ᠳᠤ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠬᠤ ᠪᠠ ᠺᠠᠳ᠋ᠷ ᠤᠨ ᠲᠠᠪᠰᠢᠵᠤ ᠪᠠᠭᠤᠵᠤ ᠪᠦᠷ ᠪᠣᠯᠬᠤ ᠪᠠᠶᠢᠳᠠᠯ ᠢ ᠠᠬᠢᠭᠤᠯᠬᠤ ᠬᠡᠷᠡᠭᠲᠡᠢ︔ ᠨᠠᠢᠮᠠ ᠳᠤ᠂ ᠺᠠᠳ᠋ᠷ ᠠᠵᠢᠯᠳᠠᠨ ᠤ ᠶᠠᠪᠤᠳᠠᠯ ᠤᠨ ᠠᠵᠢᠯ ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠬᠦ᠂ ᠠᠵᠢᠯ ᠤᠨ ᠲᠡᠰ ᠳᠠᠷᠠᠭᠠᠯᠠᠯ ᠢ ᠬᠦᠴᠦᠨ ᠦᠭᠡᠢ ᠪᠣᠯᠭᠠᠭᠰᠠᠨ ᠪᠠ ᠡᠷᠬᠡ ᠶᠢ ᠳᠣᠷᠣᠭᠰᠢ ᠪᠠᠭᠤᠯᠭᠠᠭᠰᠠᠨ ᠡᠷᠬᠡ ᠲᠤᠰᠢᠶᠠᠯ ᠤᠨ ᠵᠦᠢᠯᠡᠰ ᠢ ᠭᠦᠢᠴᠡᠳᠬᠡᠭᠰᠡᠨ ᠪᠠᠶᠢᠳᠠᠯ︔ ᠶᠢᠰᠦ ᠳᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠭᠰᠠᠨ ᠪᠠᠶᠢᠳᠠᠯ︔ ᠠᠷᠪᠠ ᠳᠤ᠂ ᠵᠣᠬᠢᠶᠠᠨ ᠪᠠᠶᠢᠭᠤᠯᠤᠯᠲᠠ ᠠᠵᠢᠯᠳᠠᠨ ᠤ ᠶᠠᠪᠤᠳᠠᠯ ᠤᠨ ᠰᠠᠬᠢᠯᠭ᠎ᠠ ᠪᠠᠲᠤ ᠶᠢ ᠰᠠᠬᠢᠭᠰᠠᠨ ᠪᠠ ᠬᠥᠮᠦᠨ ᠰᠣᠩᠭᠤᠬᠤ ᠬᠥᠮᠦᠨ ᠬᠡᠷᠡᠭᠯᠡᠬᠦ ᠬᠡᠪ ᠰᠤᠷᠲᠠᠯ ᠢ ᠵᠠᠰᠠᠨ ᠵᠠᠯᠠᠷᠠᠭᠤᠯᠤᠭᠰᠠᠨ ᠪᠠᠶᠢᠳᠠᠯ︔ ᠠᠷᠪᠠᠨ ᠨᠢᠭᠡ ᠳᠤ ᠺᠠᠳ᠋ᠷ ᠤᠨ ᠡᠳᠦᠷ ᠲᠤᠲᠤᠮ ᠤᠨ ᠬᠠᠮᠢᠶᠠᠷᠤᠯᠲᠠ ᠬᠢᠨᠠᠯᠲᠠ ᠶᠢᠨ ᠪᠠᠶᠢᠳᠠᠯ︔ ᠠᠷᠪᠠᠨ ᠬᠤᠶᠠᠷ ᠲᠤ᠂ ᠲᠥᠪ ᠤᠨ ᠲᠣᠭᠤᠷᠢᠨ ᠪᠠᠶᠢᠴᠠᠭᠠᠯᠲᠠ ᠠᠴᠠ ᠥᠪᠡᠷᠲᠡᠭᠡᠨ ᠵᠠᠰᠠᠬᠤ ᠣᠷᠣᠨ ᠤ ᠬᠥᠮᠦᠨ ᠰᠣᠩᠭᠤᠵᠤ ᠬᠥᠮᠦᠨ ᠬᠡᠷᠡᠭᠯᠡᠬᠦ ᠬᠠᠮᠢᠶ᠎ᠠ ᠪᠦᠬᠦᠢ ᠠᠰᠠᠭᠤᠳᠠᠯ ᠤᠨ ᠬᠤᠯᠪᠣᠭᠠᠯᠠᠨ ᠬᠥᠳᠡᠯᠦᠯᠴᠡᠵᠦ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠠᠷᠢᠭᠤ ᠲᠤᠰᠬᠠᠪᠠ︔ ᠠᠷᠪᠠᠨ ᠭᠤᠷᠪᠠ ᠪᠣᠯ ᠳᠡᠭᠡᠷ᠎ᠡ ᠨᠢᠭᠡ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠬᠥᠮᠦᠨ ᠰᠣᠩᠭᠤᠨ ᠬᠡᠷᠡᠭᠯᠡᠬᠦ ᠲᠤᠰᠬᠠᠶ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ︔ ᠠᠷᠪᠠᠨ ᠲᠦᠷᠪᠡ ᠳᠤ ᠪᠠᠶᠢᠴᠠᠭᠠᠬᠤ ᠴᠢᠬᠤᠯᠠᠲᠠᠶ ᠪᠤᠰᠤᠳ ᠪᠠᠶᠢᠳᠠᠯ᠃    ᠡᠳᠦᠭᠡ ᠪᠠᠶᠢᠴᠠᠭᠠᠬᠤ ᠳᠤᠭᠤᠶᠢᠯᠠᠩ ᠤᠨ ᠬᠠᠷᠢᠯᠴᠠᠬᠤ ᠠᠷᠭ᠎ᠠ ᠬᠡᠯᠪᠡᠷᠢ ᠶᠢ ᠵᠠᠷᠯᠠᠨ ᠨᠡᠶᠢᠲᠡᠯᠡᠶ᠎ᠡ᠂ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠵᠦ ᠬᠥᠮᠦᠨ ᠢ ᠰᠣᠩᠭᠤᠨ ᠬᠡᠷᠡᠭᠯᠡᠬᠦ ᠠᠰᠠᠭᠤᠳᠠᠯ ᠢ ᠴᠠᠭ ᠲᠤᠬᠠᠢ ᠳᠤᠨᠢ ᠪᠢᠳᠡᠨ ᠳᠤ ᠬᠠᠷᠢᠭᠤ ᠲᠤᠰᠬᠠᠬᠤ ᠪᠣᠯᠪᠠᠤ᠃    ᠤᠲᠠᠰᠤ᠄ 0470 — 3201701    ᠵᠠᠬᠢᠳᠠᠯ ᠤᠨ ᠬᠠᠶᠢᠷᠴᠠᠭ᠄ ᠬᠥᠯᠥᠨ ᠪᠤᠶᠢᠷ ᠬᠤᠲᠠ ᠶᠢᠨ ᠵᠠᠯᠠᠨ ᠠᠶᠢᠯ ᠬᠤᠲᠠ ᠶᠢᠨ ᠰᠢᠤᠳᠠᠨ ᠤ ᠲᠣᠪᠴᠢᠶ᠎ᠠ ᠶᠢᠨ A406 ᠳ᠋ᠤᠭᠠᠷ ᠵᠠᠬᠢᠳᠠᠯ ᠤᠨ ᠬᠠᠶᠢᠷᠴᠠᠭ    ᠡᠭᠦᠨ ᠤ ᠬᠠᠮᠲᠤ᠂ ᠥᠷᠭᠡᠨ ᠣᠯᠠᠨ ᠺᠠᠳ᠋ᠷ ᠣᠯᠠᠨ ᠲᠦᠮᠡᠨ ᠠᠴᠠ ᠮᠠᠨ ᠤ ᠬᠥᠮᠦᠨ ᠰᠣᠩᠭᠤᠵᠤ ᠬᠥᠮᠦᠨ ᠬᠡᠷᠡᠭᠯᠡᠬᠦ ᠶᠢ ᠲᠤᠰᠬᠠᠶ ᠪᠠᠶᠢᠴᠠᠭᠠᠬᠤ ᠳᠤᠭᠤᠶᠢᠯᠠᠩ ᠳᠤ ᠬᠢᠨᠠᠯᠲᠠ ᠲᠠᠯᠪᠢᠵᠤ᠂ ᠠᠵᠢᠯ ᠳᠠᠭᠠᠨ ᠬᠢᠨᠠᠮᠠᠭᠠᠶ ᠪᠤᠰᠤ᠂ ᠬᠠᠷᠢᠭᠤᠴᠠᠯᠭ᠎ᠠ ᠥᠬᠡᠶ ᠵᠡᠷᠭᠡ ᠠᠰᠠᠭᠤᠳᠠᠯ ᠢ ᠣᠯᠵᠤ ᠮᠡᠳᠡᠪᠡᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠤ ᠴᠠᠭ ᠲᠤᠬᠠᠶ ᠳᠤᠨᠢ ᠲᠤᠰᠬᠠᠬᠤ ᠬᠡᠷᠡᠭᠲᠡᠶ᠃ ᠤᠲᠠᠰᠤ᠄ 0471 — 12380᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ‍ᠤᠨ‌ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ    ᠬᠥᠮᠦᠨ ᠰᠣᠩᠭᠤᠵᠤ ᠬᠥᠮᠦᠨ ᠬᠡᠷᠡᠭᠯᠡᠬᠦ ᠶᠢ ᠲᠤᠰᠬᠠᠶ ᠪᠠᠶᠢᠴᠠᠭᠠᠬᠤ ᠳᠤᠭᠤᠶᠢᠯᠠᠩ    2024 ᠣᠨ ᠤ 3 ᠰᠠᠷ᠎ᠠ ᠶᠢᠨ 7 ᠤ ᠡᠳᠤᠷ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ