ᠨᠠᠨ ᠮᠦ ᠶᠢᠨ ᠣᠷᠴᠣᠨ ᠤ ᠦᠨᠳᠦᠰᠦᠲᠡᠨ ᠤ ᠰᠢᠶᠠᠩ 2024 ᠣᠨ ᠤ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ︽ᠬᠠᠪᠤᠷ ᠤᠨ ᠤᠯᠠᠷᠢᠯ︾ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/15
    2024 ᠣᠨ ᠤ ᠭᠤᠣᠯ ᠨᠠᠭᠤᠷ ᠤᠨ ᠬᠠᠮᠢᠶᠠᠷᠤᠯᠲᠠ ᠬᠠᠮᠠᠭᠠᠯᠠᠯᠲᠠ ᠶᠢᠨ ︽ᠬᠠᠪᠤᠷ ᠤᠨ ᠤᠯᠠᠷᠢᠯ︾ ᠤᠨ ᠠᠵᠢᠯᠯᠠᠭ᠎ᠠ ᠶᠢ ᠴᠡᠭᠴᠡᠯᠡᠨ ᠵᠠᠰᠠᠬᠤ ᠠᠵᠢᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂  ᠨᠠᠨ ᠮᠦ ᠶᠢᠨ ᠣᠷᠴᠣᠨ ᠤ ᠦᠨᠳᠦᠰᠦᠲᠡᠨ ᠤ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ᠢᠳᠡᠪᠬᠢᠲᠡᠢ ᠴᠤᠤᠷᠢᠶᠠᠲᠤᠨ ᠲᠠᠭᠠᠵᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠣᠶᠢᠷ᠎ᠠ ᠳᠤ ᠬᠠᠷᠠᠰᠤ ᠶᠡᠭᠡ ᠬᠥᠭᠦᠷᠭᠡ ᠶᠢᠨ ᠣᠶᠢᠷ᠎ᠠ ᠬᠠᠪᠢ ᠶᠢᠨ ᠠᠮᠢᠳᠤᠷᠠᠯ ᠤᠨ ᠪᠠᠷᠢᠯᠭ᠎ᠠ ᠶᠢᠨ ᠬᠤᠭ ᠨᠣᠪᠰᠢ᠂ ᠶᠡᠭᠡ ᠬᠠᠰᠢᠯᠭ᠎ᠠ ᠶᠢᠨ ᠬᠤᠶᠠᠷ ᠬᠠᠵᠠᠭᠤ ᠶᠢᠨ ᠴᠠᠭᠠᠨ ᠥᠩᠭᠡ ᠶᠢᠨ ᠬᠤᠭ ᠨᠣᠪᠰᠢ ᠶᠢ ᠴᠡᠪᠡᠷᠯᠡᠪᠡ᠃    ᠠᠵᠢᠯᠯᠠᠭ᠎ᠠ ᠶᠢᠨ ᠶᠠᠪᠤᠴᠠ ᠳᠤ᠂ ᠬᠠᠮᠢᠶ᠎ᠠ ᠪᠥᠬᠦᠶ ᠬᠥᠮᠦᠰ ᠬᠦᠴᠢᠷ ᠠᠴᠠ ᠠᠶᠤᠬᠤ ᠥᠬᠡᠶ᠂ ᠭᠬᠢᠷ ᠠᠴᠠ ᠠᠶᠤᠬᠤ ᠥᠬᠡᠶ᠂ ᠬᠠᠬᠢᠷ ᠬᠦᠢᠲᠡᠨ‌ᠡᠴᠠ ᠠᠶᠤᠬᠤ ᠥᠬᠡᠶ ᠪᠠᠶᠢᠵᠤ᠂ ᠶᠡᠭᠡ ᠬᠥᠭᠦᠷᠭᠡ ᠶᠢᠨ ᠡᠷᠬᠢᠨ ᠲᠣᠭᠤᠷᠢᠨ ᠤ ᠴᠠᠭᠠᠨ ᠥᠩᠭᠡ ᠲᠠᠢ ᠬᠤᠭ ᠨᠣᠪᠰᠢ᠂ ᠠᠮᠢᠳᠤᠷᠠᠯ ᠤᠨ ᠬᠤᠭ ᠨᠣᠪᠰᠢ᠂ ᠬᠠᠶᠠᠭᠳᠠᠮᠠᠯ ᠪᠣᠳᠠᠰ ᠵᠡᠷᠭᠡ ᠶᠢ ᠪᠥᠬᠦ ᠲᠠᠯ᠎ᠠ ᠪᠠᠷ ᠴᠡᠪᠡᠷᠯᠡᠬᠦ ᠶᠢᠨ ᠬᠠᠮᠲᠤ ᠭᠤᠤᠯ ᠤᠨ ᠵᠠᠮ ᠤᠨ ᠡᠷᠬᠢᠨ ᠲᠣᠭᠤᠷᠢᠨ ᠤ ᠠᠷᠢᠭᠤᠨ ᠴᠡᠪᠡᠷ ᠢ ᠭᠤᠤᠯᠳᠠᠯᠭ᠎ᠠ ᠲᠠᠢ ᠴᠡᠪᠡᠷᠯᠡᠵᠦ᠂ ᠭᠤᠤᠯ ᠮᠥᠷᠡᠨ ᠤ ᠰᠠᠭᠠᠳ ᠥᠬᠡᠶ ᠨᠡᠪᠲᠡᠷᠡᠬᠦ᠂ ᠭᠤᠤᠯ ᠤᠨ ᠵᠠᠮ ᠳᠤ ᠬᠤᠭ ᠨᠣᠪᠰᠢ ᠥᠬᠡᠶ ᠪᠠᠶᠢᠬᠤ ᠶᠢ ᠦᠨᠡᠨ ᠬᠦ ᠪᠠᠲᠤᠯᠠᠪᠠ᠃    ᠲᠣᠰ ᠤᠳᠠᠭᠠᠨ ᠤ ᠭᠤᠤᠯ ᠢ ᠴᠡᠪᠡᠷᠯᠡᠬᠦ ᠠᠵᠢᠯᠯᠠᠭ᠎ᠠ ᠳᠤ ᠨᠡᠶᠢᠲᠡ 12 ᠭᠠᠷᠤᠶ ᠬᠥᠮᠦᠨ ᠤᠳᠠᠭ᠎ᠠ᠂ ᠨᠢᠭᠡ ᠤᠬᠤᠭᠤᠷ ᠮᠠᠰᠢᠨ᠂ ᠨᠢᠭᠡ ᠠᠴᠢᠶᠠᠨ ᠤ ᠮᠠᠰᠢᠨ ᠬᠥᠳᠡᠯᠭᠡᠵᠦ᠂ ᠪᠠᠷᠤᠭ 25 ᠲᠣᠨ ᠬᠤᠭ ᠨᠣᠪᠰᠢ ᠶᠢ ᠴᠡᠪᠡᠷᠯᠡᠵᠦ᠂ ᠭᠤᠤᠯ ᠮᠥᠷᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠠᠶ᠃    ᠳᠠᠷᠠᠭᠠᠴᠢ ᠶᠢᠨ ᠠᠯᠬᠤᠮ ᠳᠤ᠂ ᠨᠠᠨ ᠮᠦ ᠶᠢᠨ ᠣᠷᠴᠣᠨ ᠤ ᠦᠨᠳᠦᠰᠦᠲᠡᠨ ᠤ ᠰᠢᠶᠠᠩ ᠤᠨ ᠬᠢᠨ ᠡᠯ᠎ᠡ ᠱᠠᠲᠤᠨ ᠤ ᠭᠤᠣᠯ ᠮᠥᠷᠡᠨ ᠤ ᠳᠠᠷᠤᠭ᠎ᠠ ᠶᠢᠨ ᠭᠤᠣᠯ ᠴᠠᠭᠳᠠᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠭᠤᠣᠯ ᠮᠥᠷᠡᠨ ᠤ ᠳᠠᠷᠤᠭ᠎ᠠ ᠶᠢᠨ ᠳᠦᠷᠢᠮ︾ ᠤᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠦᠷᠭᠦᠯᠵᠢᠯᠡᠨ ᠴᠢᠩᠭᠠᠳᠬᠠᠵᠤ᠂ ᠬᠠᠷᠢᠶ᠎ᠠ ᠣᠷᠣᠨ ᠤ ᠭᠤᠣᠯ ᠮᠥᠷᠡᠨ ᠨᠠᠭᠤᠷ ᠴᠥᠭᠦᠷᠥᠮ ᠳᠤ ᠣᠷᠣᠰᠢᠵᠤ ᠪᠠᠶᠢᠭ᠎ᠠ ᠠᠰᠠᠭᠤᠳᠠᠯ ᠢ ᠦᠨᠡᠨᠬᠦ ᠲᠣᠳᠣᠷᠬᠠᠢ ᠣᠶᠢᠯᠠᠭᠠᠵᠤ᠂ ᠭᠤᠣᠯ ᠮᠥᠷᠡᠨ ᠤ ᠤᠰᠤᠨ ᠤ ᠣᠷᠴᠢᠨ ᠲᠣᠭᠤᠷᠢᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ︽ᠭᠤᠣᠯ ᠨᠢ ᠰᠢᠯᠤᠭᠤᠨ᠂ ᠤᠰᠤ ᠨᠢ ᠲᠤᠩᠭᠠᠯᠠᠭ᠂ ᠡᠷᠭᠢ ᠨᠢ ᠨᠣᠭᠤᠭᠠᠨ᠂ ᠦᠵᠡᠮᠵᠢ ᠨᠢ ᠰᠠᠶᠢᠬᠠᠨ︾ ᠠᠮᠢ ᠠᠬᠤᠢ ᠶᠢᠨ ᠬᠠᠭᠤᠳᠠᠰᠤ ᠶᠢ ᠵᠢᠷᠤᠭᠯᠠᠬᠤ ᠪᠣᠯᠤᠨ᠎ᠠ᠃ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ