ᠬᠠᠳᠤ ᠭᠤᠣᠯ ᠪᠠᠯᠭᠠᠰᠤ ᠶᠢᠨ ᠬᠠᠮᠲᠤᠷᠠᠭᠰᠠᠨ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠬᠠᠤᠯᠢ ᠬᠡᠷᠡᠭᠵᠢᠭᠦᠯᠬᠦ ᠶᠡᠭᠡ ᠠᠩᠬᠢ ᠲᠠᠷᠢᠶᠠᠯᠠᠩ ᠤᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/4/15
    ᠬᠥᠳᠡᠭᠡ ᠠᠵᠤ ᠠᠬᠤᠢ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠬᠥᠳᠡᠭᠡ ᠠᠵᠤ ᠠᠬᠤᠢ ᠶᠢᠨ ᠠᠳᠡᠯ ᠤᠨ ᠭᠡᠮ ᠰᠣᠭᠤᠭ ᠢ ᠠᠷᠢᠯᠭᠠᠵᠤ᠂ ᠮᠠᠨ ᠤ ᠪᠠᠯᠭᠠᠰᠤᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠠᠮᠤᠷ ᠲᠦᠪᠰᠢᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠤᠢᠢᠷ᠎ᠠ ᠶᠢᠨ ᠡᠳᠦᠷ᠂ ᠬᠠᠳᠤ ᠭᠤᠣᠯ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠣᠯᠤᠨ ᠮᠡᠷᠭᠡᠵᠢᠯ ᠳᠡᠯᠭᠡᠷᠡᠭᠦᠯᠬᠦ ᠲᠥᠪ ᠤᠨ ᠬᠢᠨ ᠵᠠᠯᠠᠨ ᠠᠶᠢᠯ ᠬᠤᠳᠠ ᠶᠢᠨ ᠮᠠᠯ ᠠᠵᠤ ᠠᠬᠤᠢ ᠲᠠᠷᠢᠶᠠᠯᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠬᠢ ᠲᠠᠢ ᠬᠠᠮᠲᠤᠷᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠲᠠᠷᠢᠶᠠᠯᠠᠩ ᠤᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠡᠢ᠃    ᠨᠢᠭᠡ ᠳᠤ ᠠᠶᠤᠯᠭᠦᠶ ᠶᠢᠨ ᠪᠠᠶᠢᠴᠠᠭᠠᠯᠲᠠ ᠶᠢ ᠥᠷᠨᠢᠭᠦᠯᠵᠦ᠂ ᠡ᠊ᠨᠳᠡᠯ ᠤᠨ ᠲᠠᠯᠳᠠ ᠭᠡᠮ ᠢ ᠠᠷᠢᠯᠭᠠᠨ᠎ᠠ᠃ ᠲᠠᠷᠢᠶᠠᠯᠠᠩ ᠤᠨ ᠮᠠᠰᠢᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠤ ᠳᠡᠯᠭᠡᠭᠦᠷ ᠲᠤ ᠭᠦᠨᠵᠡᠭᠡᠶᠢᠷᠡᠵᠦ᠂ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠢ ᠰᠢᠮᠳᠠᠭᠤᠯᠵᠤ ᠪᠠᠶᠢᠭᠠᠳ ᠪᠣᠷᠣᠯᠠᠭᠤᠯᠭ᠎ᠠ ᠶᠢᠨ ᠡᠬᠡ ᠲᠠᠩᠰᠠ ᠶᠢ ᠲᠡᠭᠦᠯᠳᠡᠷᠵᠢᠭᠦᠯᠵᠦ᠂ ᠮᠠᠰᠢᠨ ᠬᠤᠳᠠᠯᠳᠤᠨ ᠠᠪᠤᠭᠴᠢ ᠶᠢᠨ ᠵᠢᠯᠣᠭᠤᠴᠢ ᠶᠢᠨ ᠦᠨᠡᠮᠯᠡᠯ᠂ ᠠᠶᠠᠯᠠᠨ ᠶᠠᠪᠤᠬᠤ ᠦᠨᠡᠮᠯᠡᠯ ᠢ ᠳᠠᠩᠰᠠᠯᠠᠭᠤᠯᠤᠭᠰᠠᠨ ᠪᠠᠶᠢᠳᠠᠯ ᠢ ᠪᠠᠶᠢᠴᠠᠭᠠᠨ ᠦᠵᠡᠵᠦ᠂ ᠮᠠᠰᠢᠨᠴᠢ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ ᠲᠠᠷᠢᠶᠠᠯᠠᠩ ᠤᠨ ᠮᠠᠰᠢᠨ ᠤ ᠳᠡᠯᠭᠡᠭᠦᠷ ᠤᠨ ᠬᠢᠨ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠭᠤᠷᠪᠠ ᠥᠬᠡᠶ ᠦᠢᠯᠡᠳᠭᠦᠨ ᠢ ᠴᠠᠭ ᠲᠤᠬᠠᠶ ᠳᠤᠨᠢ ᠵᠠᠬ᠎ᠠ ᠳᠡᠯᠭᠡᠭᠦᠷ ᠠᠴᠠ ᠪᠠᠭᠤᠯᠭᠠᠵᠤ ᠴᠡᠭᠴᠡᠯᠡᠨ ᠥᠭᠡᠷᠡᠴᠢᠯᠡᠵᠦ᠂ ᠥᠨᠴᠥᠭ ᠪᠤᠯᠤᠩ ᠦᠯᠡᠳᠡᠭᠡᠬᠦ ᠥᠬᠡᠶ᠂ ᠪᠠᠯᠠᠶ ᠴᠡᠭ ᠦᠯᠡᠳᠡᠭᠡᠬᠦ ᠥᠬᠡᠶ ᠪᠠᠶᠢᠬᠤ ᠬᠡᠷᠡᠭᠲᠡᠶ ᠭᠡᠵᠦ ᠱᠠᠭᠠᠷᠳᠠᠪᠠ᠃    ᠬᠤᠶᠠᠷ ᠲᠤ ᠲᠣᠭᠤᠷᠢᠨ ᠪᠠᠶᠢᠴᠠᠭᠠᠵᠤ ᠵᠢᠯᠣᠭᠤᠳᠬᠤ ᠪᠠᠨ ᠴᠢᠩᠭᠠᠳᠬᠠᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠠᠷᠢᠯᠭᠠᠬᠤ ᠬᠡᠷᠡᠭᠲᠡᠶ᠃ ᠲᠠᠷᠢᠶᠠᠯᠠᠩ ‍ᠤᠨ‌ᠦᠢᠯᠡᠳᠪᠦᠷᠢᠯᠡᠯ  ᠤᠨ ᠬᠡᠷᠡᠭᠰᠡᠯ ᠡᠵᠡᠩᠨᠡᠬᠦ ᠡᠷᠥᠭᠡ ᠪᠠᠷ ᠭᠤᠣᠯᠳᠠᠯᠭ᠎ᠠ ᠲᠠᠢ ᠪᠠᠶᠢᠴᠠᠭᠠᠭᠳᠠᠬᠤ ᠡᠲᠡᠭᠡᠳ ᠪᠣᠯᠭᠠᠨ᠂ ᠡᠵᠡᠩᠨᠡᠬᠦ ᠡᠷᠥᠭᠡ ᠶᠢᠨ ᠦᠨᠡᠮᠯᠡᠯ ᠨᠢ ᠪᠦᠷᠢᠨ ᠭᠦᠢᠴᠡᠳ ᠪᠠᠶᠢᠬᠤ ᠡᠰᠡᠬᠦ᠂ ᠳᠠᠩᠰᠠᠯᠠᠭᠤᠯᠤᠭᠰᠠᠨ ᠨᠢ ᠪᠦᠷᠢᠨ ᠭᠦᠢᠴᠡᠳ ᠪᠠᠶᠢᠬᠤ ᠡᠰᠡᠬᠦ᠂ ᠪᠠᠷᠠᠭ᠎ᠠ ᠣᠷᠣᠭᠤᠯᠤᠭᠰᠠᠨ ᠬᠠᠭᠤᠳᠠᠰᠤ ᠬᠢᠭᠡᠳ ᠪᠣᠷᠣᠯᠠᠭᠤᠯᠤᠭᠰᠠᠨ ᠲᠡᠮᠳᠡᠭᠯᠡᠯ᠂ ᠦᠢᠯᠡᠳᠬᠦᠨ ᠤ ᠬᠢᠷᠢ ᠲᠡᠩᠴᠡᠭᠰᠡᠨ ᠭᠡᠷᠡᠴᠢ᠂ ᠦᠢᠯᠡᠳᠬᠦᠨ  ᠤ ᠪᠣᠭᠤᠳᠠᠯ  ᠤᠨ ᠲᠡᠮᠳᠡᠭ ᠪᠣᠯᠤᠨ ᠦᠨ᠎ᠡ ᠬᠠᠩᠰᠢ ᠶᠢ ᠢᠯᠡ ᠲᠡᠮᠳᠡᠭᠯᠡᠭᠰᠡᠨ ᠵᠡᠷᠭᠡ ᠪᠠᠶᠢᠳᠠᠯ  ᠢ ᠪᠠᠶᠢᠴᠠᠭᠠᠨ ᠦᠵᠡᠵᠦ᠂ ᠦᠢᠯᠡᠳᠬᠦᠨ ᠤ ᠪᠠᠷᠠᠭ᠎ᠠ ᠣᠷᠣᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠲᠦᠭᠰᠢᠭᠦᠷᠢ ᠶᠢ ᠡᠬᠢ ᠡᠭᠦᠰᠦᠯ ᠠᠴᠠ ᠨᠢ ᠡᠵᠡᠮᠳᠡᠵᠦ᠂ ᠲᠠᠯᠳᠠ ᠭᠡᠮ  ᠢ ᠠᠷᠢᠯᠭᠠᠬᠤ ᠬᠡᠷᠡᠭᠲᠡᠶ᠃    ᠭᠤᠷᠪᠠ ᠳᠤ ᠤᠬᠠᠭᠤᠯᠤᠨ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠤᠷ ᠲᠤ ᠲᠠᠷᠢᠶᠠᠯᠠᠩ ᠤᠨ  ᠦᠢᠯᠡᠳᠪᠦᠷᠢᠯᠡᠯ  ᠤᠨ ᠬᠡᠷᠡᠭᠰᠡᠯ ᠢ ᠡᠵᠡᠩᠨᠡᠨ ᠪᠣᠷᠣᠯᠠᠭᠤᠯᠬᠤ ᠡᠷᠦᠬᠡ ᠳᠤ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠵᠤ᠂ ᠲᠠᠷᠢᠶᠠᠯᠠᠩ ᠤᠨ  ᠦᠢᠯᠡᠳᠪᠦᠷᠢᠯᠡᠯ ᠤᠨ ᠬᠡᠷᠡᠭᠰᠡᠯ ᠢ ᠡᠵᠡᠩᠨᠡᠨ ᠪᠣᠷᠣᠯᠠᠭᠤᠯᠬᠤ ᠡᠷᠦᠬᠡ ᠶᠢ ᠤᠯᠤᠰ ᠤᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠤᠬᠠᠮᠰᠠᠷ ᠠᠴᠠ ᠪᠠᠨ ᠦᠨᠡᠨᠴᠢ ᠢᠲᠡᠭᠡᠮᠵᠢᠲᠡᠶ ᠪᠠᠷ ᠡᠵᠡᠩᠨᠡᠵᠦ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠲᠡᠶ ᠭᠡᠵᠦ ᠱᠠᠭᠠᠷᠳᠠᠪᠠ᠃    ᠳᠠᠷᠠᠭᠠᠴᠢ ᠶᠢᠨ ᠠᠯᠬᠤᠮ ᠳᠤ᠂ ᠬᠠᠳᠦ ᠭᠤᠣᠯ ᠪᠠᠯᠭᠠᠰᠤ ᠶᠢᠨ ᠬᠢᠨ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠠᠷᠢᠶᠠᠴᠢᠳ ᠤᠨ ᠠᠰᠢᠭ ᠲᠤᠰᠠ ᠶᠢ ᠦᠨᠡᠨᠬᠦ ᠬᠠᠮᠠᠭᠠᠯᠠᠵᠤ᠂ ᠮᠠᠨ ᠤ ᠪᠠᠯᠭᠠᠰᠤ ᠶᠢᠨ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠪᠣᠯᠤᠨ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠨ᠎ᠠ᠃       
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ