ᠴᠢᠩᠭᠢᠰ ᠬᠠᠭᠠᠨ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠲᠤᠰᠬᠠᠶ ᠰᠡᠳᠦᠪᠲᠦ ᠪᠣᠯᠪᠠ᠊ ᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/15
    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠵᠤ᠂ ᠤᠯᠤᠰ ᠢᠶᠠᠨ ᠬᠠᠶᠢᠷᠠᠯᠠᠬᠤ ᠦᠵᠡᠯ ᠢᠶᠠᠷ ᠭᠤᠤᠯ ᠪᠣᠯᠭᠠᠭᠰᠠᠨ ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠴᠢᠩᠭᠢᠰ ᠬᠠᠭᠠᠨ ᠪᠠᠯᠭᠠᠰᠤᠨ ᠤ ᠬᠠᠤᠯᠢ ᠬᠡᠷᠡᠭᠵᠢᠭᠦᠯᠬᠦ ᠠᠵᠢᠯᠲᠠᠨ ᠤ ᠳᠤᠮᠳᠠᠳᠤ ᠶᠢᠨ ᠦᠨᠳᠦᠰᠦᠲᠡᠨ ᠢ ᠮᠡᠳᠡᠷᠡᠬᠦ ᠰᠡᠳᠬᠢᠯᠭᠡ ᠪᠠ ᠤᠮᠤᠭᠰᠢᠯᠳᠤ ᠰᠡᠳᠬᠢᠯᠭᠡ ᠶᠢ ᠨᠡᠮᠡᠭᠳᠡᠭᠦᠯᠬᠦ ᠶᠢᠨ ᠲᠥᠯᠥᠭᠡ᠂ ᠣᠶᠢᠷ᠎ᠠ ᠳᠤ᠂ ᠴᠢᠩᠭᠢᠰ ᠬᠠᠭᠠᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠃    ᠬᠤᠷᠠᠯ ᠳᠡᠭᠡᠷ᠎ᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠳᠤᠷᠠᠳᠤᠯᠭ᠎ᠠ ᠪᠠ ᠠᠭᠤᠯᠤᠭᠳᠠᠬᠤᠨ ᠢ ᠨᠠᠷᠢᠨ ᠲᠣᠳᠣᠷᠬᠠᠶᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠤᠯᠤᠰ ᠣᠷᠣᠨ ᠤ ᠨᠢᠭᠡᠳᠦᠯ ᠤᠨ ᠰᠠᠭᠤᠷᠢ᠂ ᠦᠨᠳᠦᠰᠦᠲᠡᠨ ᠤ ᠪᠦᠯᠬᠦᠮᠳᠡᠯ ᠤᠨ ᠦᠨᠳᠦᠰᠦ᠂ ᠣᠶᠤᠨ ᠰᠠᠨᠠᠭᠠᠨ ᠤ ᠬᠦᠴᠦᠨ ᠴᠢᠳᠠᠯ ᠤᠨ ᠰᠦᠭ ᠰᠦᠨᠡᠰᠦ ᠮᠥᠨ᠂ ᠪᠦᠬᠦ ᠬᠠᠤᠯᠢ ᠬᠡᠷᠡᠭᠵᠢᠭᠦᠯᠦᠭᠴᠢᠳ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠣᠷᠢᠭ ᠰᠠᠨᠠᠭᠠᠨ ᠤ ᠠᠭᠤᠯᠤᠭᠳᠠᠬᠤᠨ ᠢ ᠭᠦᠨᠵᠡᠭᠡᠢ ᠡᠵᠡᠮᠰᠢᠵᠦ᠂ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠦᠨᠳᠦᠰᠦᠲᠡᠨ ᠤ ᠰᠣᠯᠢᠯᠴᠠᠭ᠎ᠠ ᠶᠠᠪᠤᠯᠴᠠᠭ᠎ᠠ ᠪᠠᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠵᠠᠢ᠃    ᠲᠣᠰ ᠤᠳᠠᠭᠠᠨ ᠤ ᠶᠠᠷᠢᠯᠴᠠᠬᠤ ᠬᠤᠷᠠᠯ ᠢᠶᠠᠷ ᠳᠠᠮᠵᠢᠭᠤᠯᠤᠨ᠂ ᠪᠥᠬᠦ ᠬᠠᠤᠯᠢ ᠬᠡᠷᠡᠭᠵᠢᠭᠦᠯᠬᠦ ᠠᠵᠢᠯᠲᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠡᠵᠡᠮᠳᠡᠨ᠂ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠳᠤ ᠰᠠᠭᠤᠷᠢ ᠶᠢ ᠲᠠᠯᠪᠢᠭᠰᠠᠨ ᠪᠠᠶᠢᠨ᠎ᠠ᠃    ᠵᠠᠯᠭᠠᠭᠠᠳ ᠴᠢᠩᠭᠢᠰ ᠬᠠᠭᠠᠨ ᠪᠠᠯᠭᠠᠰᠤ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ ᠵᠦᠢᠯ ᠤᠨ ᠠᠵᠢᠯ ᠤᠨ ᠢᠶᠠᠨ ᠭᠤᠣᠯ ᠰᠢᠵᠢᠮ ᠪᠣᠯᠭᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠨᠠᠭᠰᠢᠳᠠ ᠴᠢᠩᠭᠠᠳᠬᠠᠵᠤ᠂ ᠦᠵᠡᠯ ᠰᠠᠨᠠᠭᠠᠨ ᠤ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠭᠤᠶᠢᠪᠢᠰᠢ ᠦᠭᠡᠢ ᠠᠬᠢᠭᠤᠯᠬᠤ ᠪᠣᠯᠤᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ