ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠶ ᡁᠢ ᠵᠢᠶᠦ᠋ᠨ ᠮᠦᠭᠦᠴᠢ ᠪᠠᠯᠭᠠᠰᠤ᠂ ᠸᠠᠲ ᠰᠢᠶᠠᠩ ᠳᠤ ᠭᠦᠨᠵᠡᠭᠡᠶᠢᠷᠡᠨ ᠣᠳᠣᠬᠠᠨ ᠤ ᠭᠤᠤᠯᠳᠠᠯᠭ᠎ᠠ ᠲᠠᠢ ᠠᠵᠢᠯ ᠤᠨ ᠲᠤᠬᠠᠢ ᠶᠢᠨ ᠲᠠᠯᠠᠪᠤᠷ ᠲᠤ ᠠᠵᠢᠯᠯᠠᠵᠤ ᠪᠣᠶ
ᠨᠡᠶᠢᠲᠡᠯᠡᠭᠰᠡᠨ ᠴᠠᠭ᠄
2024/4/16
    4 ᠰᠠᠷ᠎ᠠ ᠶᠢᠨ 12 ᠤᠨ ᠡᠳᠦᠷ᠂ ᠵᠠᠯᠠᠨ ᠠᠶᠢᠯ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠠᠢ ᡁᠢ ᠵᠢᠶᠦ᠋ᠨ ᠮᠥᠬᠦᠴᠢ ᠪᠠᠯᠭᠠᠰᠤ᠂  ᠸᠠᠲ ᠰᠢᠶᠠᠩ ᠵᠡᠷᠭᠡ ᠭᠠᠵᠠᠷ ᠲᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠤᠢ ᠰᠢᠭᠤᠢ ᠨᠤᠲᠤᠭ ᠪᠡᠯᠴᠢᠭᠡᠷ ᠢ ᠰᠡᠷᠭᠡᠶᠢᠯᠡᠨ ᠭᠠᠯ ᠤᠨᠲᠠᠷᠠᠭᠠᠬᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠢᠴᠢ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠴᠤ᠂ ᠲᠤᠬᠠᠢ ᠶᠢᠨ ᠲᠠᠯᠠᠪᠠᠢ ᠳᠤ ᠠᠵᠢᠯᠯᠠᠪᠠ᠃ ᠬᠤᠲᠠ ᠶᠢᠨ ᠤᠳᠤᠷᠢᠳᠤᠯᠭ᠎ᠠ ᠮᠤᠩ ᠭᠠᠩ ᠣᠷᠣᠯᠴᠠᠵᠠᠶ᠃
 1.jpg  
    ᠮᠥᠬᠦᠴᠢ ᠪᠠᠯᠭᠠᠰᠤᠨ ᠳᠤ᠂ ᠪᠠᠢ ᡁᠢ ᠵᠢᠶᠦ᠋ᠨ ᠵᠢᠴᠢᠨ ᠭᠤᠣᠯ ᠢ ᠲᠠᠭᠠᠨ ᠭᠤᠣᠯ ᠴᠠᠭᠳᠠᠬᠤ ᠶᠢᠨ ᠬᠠᠮᠲᠤ ᠢᠳᠡᠭᠳᠡᠯ ᠤᠨ ᠭᠤᠤ ᠶᠢ ᠵᠠᠰᠠᠬᠤ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠠᠢ᠃ ᠲᠡᠷᠡ᠂ ᠭᠤᠣᠯᠳᠠᠯᠭ᠎ᠠ ᠲᠠᠢ ᠭᠤᠣᠯ ᠤᠨ ᠰᠠᠪᠠ ᠭᠠᠵᠠᠷ ᠪᠣᠯᠤᠨ ᠬᠥᠭᠦᠷᠭᠡ ᠶᠢᠨ ᠭᠡᠮ ᠰᠣᠭᠤᠭ ᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠢᠯᠢ ᠠᠯᠤᠰᠯᠠᠭᠰᠠᠨ ᠭᠤᠣᠯ ᠮᠥᠷᠡᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠠᠮᠢᠶᠠᠷᠤᠨ ᠬᠠᠮᠠᠭᠠᠯᠠᠬᠤ ᠶᠢ ᠴᠢᠩᠭᠠᠳᠬᠠᠵᠤ᠂ ᠣᠷᠴᠢᠨ ᠲᠣᠭᠤᠷᠢᠨ ᠢ ᠡᠪᠳᠡᠬᠦ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠭᠤᠣᠯ ᠢ ᠵᠠᠰᠠᠵᠤ ᠭᠤᠣᠯ ᠢ ᠬᠠᠮᠠᠭᠠᠯᠠᠬᠤ ᠬᠠᠮᠲᠤᠷᠠᠯ ᠤᠨ ᠬᠦᠴᠦᠨ ᠢ ᠦᠷᠭᠦᠯᠵᠢᠯᠡᠨ ᠴᠢᠩᠭᠠᠳᠬᠠᠵᠤ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ  ᠬᠡᠮᠵᠢᠶ᠎ᠡ ᠪᠠᠷ ᠭᠤᠣᠯ ᠮᠥᠷᠡᠨ ᠤ ᠵᠠᠰᠠᠯᠲᠠ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃ ᠢᠳᠡᠭᠳᠡᠯ ᠤᠨ ᠭᠤᠤ ᠶᠢ ᠵᠠᠰᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ︽ᠨᠢᠭᠡ ᠭᠤᠤ ᠳᠤ ᠨᠢᠭᠡ ᠠᠷᠭ᠎ᠠ ᠪᠤᠳᠤᠯᠭ᠎ᠠ︾ ᠶᠢ ᠪᠠᠷᠢᠮᠲᠠᠯᠠᠵᠤ᠂ ᠪᠠᠷᠢᠯᠭ᠎ᠠ ᠶᠢᠨ ᠲᠥᠰᠦᠯ ᠢ ᠨᠠᠷᠢᠯᠢᠬᠵᠢᠭᠤᠯᠵᠤ᠂ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠬᠦ᠂ ᠴᠢᠨᠠᠷ ᠰᠠᠶᠢᠲᠠᠢ ᠪᠦᠲᠦᠭᠡᠨ ᠪᠠᠶᠢᠭᠤᠯᠬᠤ᠂ ᠥᠨᠳᠥᠷ ᠦᠷ᠎ᠡ ᠪᠦᠲᠦᠮᠵᠢᠲᠡᠢ ᠪᠠᠷ ᠠᠬᠢᠭᠤᠯᠬᠤ ᠶᠢ ᠪᠡᠶᠡᠯᠡᠭᠦᠯᠵᠦ᠂ ᠢᠨᠵᠧᠨᠧᠷᠢᠩ ᠢ ᠴᠠᠭ ᠲᠤᠬᠠᠢ ᠳᠤᠨᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃    ᠣᠳᠣᠬᠠᠨ ᠳᠤ ᠤᠢ ᠰᠢᠭᠤᠢ ᠶᠢᠨ ᠲᠦᠢᠮᠡᠷ ᠤᠨ ᠭᠠᠮᠰᠢᠭ ᠠᠮᠠᠷᠬᠠᠨ ᠡᠭᠦᠰᠬᠦ ᠬᠤᠭᠤᠴᠠᠭ᠎ᠠ ᠪᠣᠯᠤᠨ᠎ᠠ᠂ ᠪᠠᠢ ᡁᠢ ᠵᠢᠶᠦ᠋ᠨ ᠬᠠᠳᠦ ᠭᠤᠣᠯ ᠤᠢ ᠰᠢᠭᠤᠢ ᠶᠢᠨ ᠲᠠᠯᠠᠪᠠᠢ ᠳᠤ ᠬᠦᠷᠴᠦ ᠤᠢ ᠰᠢᠭᠤᠢ ᠶᠢ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ᠂ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠲᠡᠷᠡ ᠭᠠᠯ ᠤᠨᠲᠠᠷᠠᠭᠠᠬᠤ ᠲᠥᠬᠦᠭᠡᠷᠦᠮᠵᠢ᠂ ᠠᠵᠢᠯᠳᠠᠨ ᠤ ᠪᠡᠯᠡᠳᠬᠡᠯ ᠪᠣᠯᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠨᠠᠷᠢᠨ ᠣᠶᠢᠯᠠᠭᠠᠵᠤ᠂ ᠤᠢ ᠰᠢᠭᠤᠢ ᠶᠢᠨ ᠭᠠᠵᠠᠷ ᠤᠨ ᠡᠬᠢ ᠪᠠᠶᠠᠯᠢᠭ ᠢ ᠬᠠᠮᠠᠭᠠᠯᠠᠬᠤ ᠵᠢᠴᠢ ᠤᠢ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠵᠢᠯᠣᠭᠤᠳᠴᠠᠢ᠃ ᠲᠡᠷᠡ᠂ ᠡᠯ᠎ᠡ ᠱᠠᠳᠤ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠡᠯᠡᠳᠬᠡᠯ ᠵᠢᠵᠢᠭᠦᠷ ᠤᠨ ᠲᠦᠷᠢᠮ ᠢᠶᠠᠨ ᠴᠢᠩᠭᠠᠳᠬᠠᠵᠤ᠂ ᠲᠣᠭᠤᠷᠢᠨ ᠪᠠᠶᠢᠴᠠᠭᠠᠵᠤ ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠪᠣᠳᠠᠰ ᠤᠨ ᠰᠡᠷᠭᠡᠶᠢᠯᠡᠯᠲᠡ᠂ ᠮᠡᠷᠭᠡᠵᠢᠯ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠤᠯᠪᠣᠭᠠᠯᠠᠨ ᠬᠥᠳᠡᠯᠦᠯᠴᠡᠬᠦ ᠲᠦᠪᠰᠢᠨ ᠢ ᠳᠡᠭᠡᠭᠰᠢᠯᠡᠭᠦᠯᠵᠦ᠂ ᠰᠡᠷᠭᠡᠶᠢᠯᠡᠯᠲᠡ ᠶᠢᠨ ᠰᠢᠰᠲᠧᠮ ᠢ ᠰᠢᠯᠢᠳᠡᠭᠵᠢᠭᠦᠯᠵᠦ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠤᠢ ᠰᠢᠭᠤᠢ ᠶᠢ ᠲᠣᠭᠤᠷᠢᠨ ᠪᠠᠶᠢᠴᠠᠭᠠᠬᠤ ᠠᠵᠢᠯ ᠪᠠ ᠭᠠᠯ ᠤᠨᠲᠠᠷᠠᠭᠠᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠥᠷᠨᠢᠭᠦᠯᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠬᠦ ᠬᠡᠷᠡᠭᠲᠡᠢ ᠭᠡᠵᠦ ᠬᠡᠯᠡᠪᠡ᠃     ᠳᠠᠷᠠᠭ᠎ᠠ ᠳᠤᠨᠢ᠂ ᠪᠠᠢ ᡁᠢ ᠵᠢᠶᠦ᠋ᠨ ᠸᠠᠲ ᠰᠢᠶᠠᠩ ᠤᠨ ᠳᠠᠯᠠᠨ ᠬᠠᠷ᠎ᠠ ᠠᠭᠤᠯᠠ ᠶᠢᠨ ᠲᠠᠷᠢᠶᠠᠴᠢᠨ ᠤ ᠬᠤᠷᠰᠢᠶ᠎ᠠ ᠪᠣᠯᠤᠨ ︽ᠲᠠ ᠰᠦᠩ︾ ᠢ ᠵᠠᠯᠭᠠᠬᠤ ᠲᠤᠷᠰᠢᠯᠲᠠ ᠶᠢᠨ ᠣᠷᠣᠨ ᠳᠤ ᠬᠦᠷᠴᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠪᠣᠯᠤᠨ ᠲᠠ ᠰᠦᠩ ᠢ ᠵᠠᠯᠭᠠᠬᠤ ᠲᠦᠷᠦᠯ ᠵᠦᠢᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡ ᠬᠡᠯᠡᠬᠦ ᠳᠡᠭᠡᠨ᠂ ᠣᠳᠣᠬᠠᠨ ᠳᠤ ᠶᠠᠭ ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠴᠠᠭ ᠦᠶ᠎ᠡ ᠪᠣᠯᠵᠣ ᠪᠠᠶᠢᠨ᠎ᠠ᠂ ᠡᠯ᠎ᠡ ᠱᠠᠲᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠡᠷᠲᠡ ᠠᠴᠠ ᠠᠷᠭ᠎ᠠ ᠰᠦᠪᠡᠭᠴᠢᠯᠡᠨ᠂ ᠡᠷᠲᠡ ᠠᠴᠠ ᠪᠡᠯᠡᠳᠬᠡᠵᠦ᠂ ᠡᠷᠲᠡ ᠠᠴᠠ ᠬᠥᠳᠡᠯᠦᠯᠴᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡᠯᠡᠨ ᠬᠠᠩᠭᠠᠬᠤ ᠠᠵᠢᠯ ᠢ ᠰᠠᠶᠢᠲᠤᠷ ᠬᠢᠵᠦ᠂ ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠨ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠲᠠᠷᠢᠶᠠᠯᠠᠩ ᠂ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ ᠦᠢᠯᠡᠴᠢᠯᠡᠭᠡ ᠶᠢ ᠰᠠᠶᠢᠲᠤᠷ ᠵᠣᠬᠢᠶᠠᠨ ᠪᠠᠶᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ ᠭᠡᠵᠡᠶ᠃ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠠᠯᠬᠤᠴᠠ ᠪᠠᠨ ᠲᠦᠷᠭᠡᠳᠬᠡᠵᠦ᠂ ᠲᠤᠬᠠᠢ ᠶᠢᠨ ᠭᠠᠵᠠᠷ ᠤᠨ ᠬᠥᠭᠵᠢᠯᠲᠡ ᠳᠤ ᠳᠤᠬᠢᠷᠠᠬᠤ ᠠᠵᠤ ᠦᠢᠯᠡᠰ ᠤᠨ ᠲᠦᠷᠦᠯ ᠵᠦᠢᠯ ᠢ ᠢᠳᠡᠪᠬᠢᠲᠡᠢ ᠬᠠᠶᠢᠨ ᠰᠦᠪᠡᠭᠴᠢᠯᠡᠵᠦ᠂ ᠪᠣᠬᠢᠷᠲᠤᠯ ᠦᠭᠡᠢ ᠬᠥᠭᠵᠢᠯᠲᠡ ᠶᠢᠨ ᠣᠷᠣᠯᠭ᠎ᠠ ᠡᠭᠦᠳᠬᠦ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠠᠮᠢ ᠠᠬᠤᠢ ᠶᠢᠨ ︽ᠨᠣᠭᠤᠭᠠᠨ  ᠬᠡᠮᠵᠢᠶ᠎ᠡ︾ ᠪᠠᠷ  ︽ᠠᠯᠲᠠᠨ ᠤ   ᠬᠡᠮᠵᠢᠶ᠎ᠡ︾  ᠵᠦᠭ ᠳᠡᠭᠡᠭᠰᠢᠯᠡᠭᠦᠯᠬᠦ ᠬᠡᠷᠡᠭᠲᠡᠢ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ