ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠰᠣᠶᠣᠯ ᠵᠤᠭᠠᠴᠠᠯ ᠤᠨ ᠠᠵᠤ ᠦᠢᠯᠡᠰ ᠤᠨ ᠪᠠᠷᠢᠮᠵᠢᠶ᠎ᠠ ᠶᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/16
    4 ᠰᠠᠷ᠎ᠠ ᠶᠢᠨ 8 ᠤ ᠡᠳᠦᠷ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠶ ᡁᠢ ᠵᠢᠶᠦ᠋ᠨ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠼᠦᠢ ᠫᠢᠩ ᠱᠠᠨ ᠤ ᠶᠢᠩ ᠱᠠᠨ ᠬᠤᠩ ᠠᠮᠢ ᠠᠬᠤᠶ ᠶᠢᠨ ᠴᠡᠴᠡᠷᠯᠢᠭ ᠲᠤ ᠬᠠᠪᠤᠷ ᠤᠨ ᠵᠢᠭᠤᠯᠴᠢᠯᠠᠯ᠂ ᠦᠵᠡᠮᠵᠢ ᠶᠢᠨ ᠣᠷᠣᠨ ᠤ ᠣᠷᠴᠢᠨ ᠠᠬᠤᠶ ᠶᠢ ᠴᠡᠭᠴᠡᠯᠡᠨ ᠵᠠᠰᠠᠬᠤ᠂ ᠲᠠᠪᠤᠨ ᠰᠠᠷ᠎ᠠ ᠶᠢᠨ ᠨᠢᠭᠡᠨ ᠤ ᠬᠡᠷᠡᠭᠯᠡᠭᠡ ᠶᠢ ᠠᠬᠢᠭᠤᠯᠬᠤ᠂ ᠠᠶᠤᠯᠭᠦᠶ ᠦᠢᠯᠡᠳᠪᠦᠷᠢᠯᠡᠯ᠂ ᠣᠶ ᠰᠢᠭᠤᠶ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠵᠡᠷᠭᠡ ᠠᠵᠢᠯ ᠤᠨ ᠲᠤᠬᠠᠶ ᠲᠤᠬᠠᠶ ᠶᠢᠨ ᠲᠠᠯᠠᠪᠠᠶ ᠳᠤ ᠠᠵᠢᠯᠯᠠᠵᠤ  ᠪᠠᠶᠢᠨ᠎ᠠ᠃ ᠬᠤᠲᠠ ᠶᠢᠨ ᠤᠳᠤᠷᠢᠳᠤᠯᠭ᠎ᠠ ‍ᠤᠤᠢ ᠯᠦᠩ᠂ ᠶᠢᠨ ᠰᠢᠶᠤᠤ ᠬᠤᠶ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃ 
1.jpg   
       ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠶ ᡁᠢ ᠵᠢᠶᠦ᠋ᠨ ᠮᠠᠨ ᠤ ᠬᠤᠲᠠ ᠶᠢᠨ ᠪᠥᠬᠦ ᠴᠠᠷᠠᠭᠠᠨ ᠤ ᠵᠢᠭᠤᠯᠴᠢᠯᠠᠯ ᠤᠨ ᠲᠥᠯᠥᠪᠵᠢᠭᠦᠯᠭᠡ᠂ ᠵᠢᠭᠤᠯᠴᠢᠯᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠴᠢᠨᠠᠷ ᠴᠢᠨᠰᠠᠭ᠎ᠠ ᠶᠢᠨ ᠦᠢᠯᠡᠴᠢᠯᠡᠭᠡ ᠶᠢᠨ ᠳᠡᠭᠡᠭᠰᠢᠯᠡᠯᠲᠡ᠂ ᠬᠠᠪᠤᠷ ᠤᠨ ᠤᠯᠠᠷᠢᠯ ᠤᠨ ᠵᠢᠭᠤᠯᠴᠢᠯᠠᠯ ᠤᠨ ᠵᠢᠷᠤᠭ ᠲᠥᠯᠥᠪᠯᠡᠭᠡ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠰᠣᠶᠣᠯ ᠤᠨ ᠵᠤᠭᠠᠴᠠᠯ ᠤᠨ ᠦᠢᠯᠡᠰ ᠤᠨ ᠪᠠᠷᠢᠮᠵᠢᠶ᠎ᠠ ᠶᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠦᠨ ᠬᠥᠭᠵᠢᠭᠦᠯᠬᠦ ᠶᠢ ᠲᠦᠷᠭᠡᠳᠬᠡᠬᠦ ᠬᠡᠷᠡᠭᠲᠡᠶ᠂ ︽ᠴᠡᠭ ᠱᠤᠭᠤᠮ ᠲᠠᠯ᠎ᠠ︾ ᠶᠢᠨ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠨᠢᠳᠤᠷᠭᠠᠨ ᠪᠦᠲᠦᠭᠡᠭᠳᠡᠬᠦᠨ ᠢ ᠶᠡᠭᠡ ᠪᠠᠷ ᠨᠡᠭᠡᠭᠡᠨ ᠬᠥᠭᠵᠢᠭᠦᠯᠵᠦ᠂ ᠰᠣᠳᠣᠨ ᠦᠵᠡᠮᠵᠢ ᠶᠢᠨ ᠣᠷᠣᠨ ᠢ ᠴᠣᠭᠴᠠᠯᠠᠨ ᠪᠠᠶᠢᠭᠤᠯᠵᠤ᠂ ᠬᠦᠴᠦᠨ  ᠵᠦᠢᠯ ᠤᠨ ᠪᠠᠲᠤᠯᠠᠭ᠎ᠠ ᠶᠢ ᠲᠡᠭᠦᠯᠳᠡᠷᠵᠢᠭᠦᠯᠦᠨ᠂ ᠵᠦᠶ ᠵᠣᠬᠢᠰᠲᠠᠶ ᠲᠥᠯᠥᠪᠵᠢᠭᠦᠯᠦᠨ ᠪᠠᠶᠢᠷᠢᠰᠢᠭᠤᠯᠵᠤ᠂ ᠠᠮᠢ ᠠᠬᠤᠶ᠂ ᠰᠣᠶᠣᠯ᠂ ᠬᠥᠳᠡᠭᠡ ᠲᠣᠰᠬᠤᠨ᠂ ᠮᠥᠰᠥ ᠴᠠᠰᠤ᠂ ᠡᠷᠡᠭᠦᠯᠵᠢᠯ ᠰᠤᠪᠢᠯᠠᠯᠲᠠ ᠵᠡᠷᠭᠡ ︽ᠲᠠᠪᠤᠨ ᠥᠪᠡᠷᠮᠢᠴᠡ ᠣᠨᠴᠠᠯᠢᠭ ᠲᠠᠢ ᠫᠠᠶᠢᠰᠠ︾ ᠶᠢ ᠰᠠᠶᠢᠲᠤᠷ ᠴᠣᠭᠴᠠᠯᠠᠵᠤ᠂ ︽ᠢᠳᠡᠵᠦ ᠤᠤᠭᠤᠬᠤ ᠬᠤᠨᠣᠵᠤ ᠬᠡᠪᠲᠡᠬᠦ ᠶᠠᠪᠤᠵᠤ ᠰᠠᠭᠤᠬᠤ ᠵᠤᠭᠠᠴᠠᠨ ᠬᠤᠳᠠᠯᠳᠤᠨ ᠠᠪᠬᠤ ᠵᠤᠭ᠎ᠠ ᠴᠡᠩᠭᠡᠯ︾ ᠤᠨ ᠪᠥᠬᠦ ᠠᠵᠤ  ᠦᠢᠯᠡᠰ ᠤᠨ ᠬᠡᠯᠬᠢᠶ᠎ᠡ᠂ ᠪᠥᠬᠦ ᠦᠢᠯᠡᠴᠢᠯᠡᠭᠡᠨ ᠤ ᠬᠡᠯᠬᠢᠶ᠎ᠡ ᠶᠢ ᠠᠮᠢᠳᠤᠯᠢᠭ ᠪᠥᠭᠡᠳ ᠨᠠᠷᠢᠯᠢᠭ ᠬᠢᠵᠦ᠂ ᠦᠵᠡᠮᠵᠢ ᠶᠢᠨ ᠣᠷᠣᠨ ᠦᠵᠡᠮᠵᠢ ᠶᠢᠨ ᠣᠷᠣᠨ᠂ ᠪᠦᠲᠦᠭᠡᠭᠳᠡᠬᠦᠨ ᠤ ᠠᠵᠤ ᠦᠢᠯᠡᠰ ᠤᠨ ᠪᠦᠬᠦᠯᠢ ᠴᠣᠭᠴᠠ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠶᠢ ᠪᠡᠶᠡᠯᠡᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ︽ᠪᠣᠭᠤᠮᠲᠠ ᠶᠢᠨ ᠭᠠᠳᠠᠨᠠᠬᠢ ᠰᠦᠵᠧᠦ ᠬᠠᠩᠵᠧᠦ᠂ ᠤᠮᠠᠷᠠᠲᠤ ᠶᠢᠨ ᠵᠢᠶᠠᠩᠨᠠᠨ︾ ᠳᠥᠷᠪᠡᠨ ᠤᠯᠠᠷᠢᠯ ᠤᠨ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠲᠠᠰᠤᠷᠠᠯᠲᠠ ᠥᠬᠡᠶ ᠬᠠᠰᠭᠢᠷᠠᠨ᠎ᠠ᠃    ᠼᠦᠢ ᠫᠢᠩ ᠱᠠᠨ ᠠᠭᠤᠯᠠ ᠶᠢᠨ ᠶᠢᠩ ᠱᠠᠨ ᠬᠤᠩ ᠠᠮᠢ ᠠᠬᠤᠢ ᠶᠢᠨ ᠴᠡᠴᠡᠷᠯᠢᠭ ᠲᠤ᠂ ᠪᠠᠢ ᡁᠢ ᠵᠢᠶᠦ᠋ᠨ ᠦᠵᠡᠮᠵᠢ ᠶᠢᠨ ᠣᠷᠣᠨ ᠤ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ᠂ ᠴᠢᠳᠠᠪᠬᠢ ᠶᠢᠨ ᠲᠥᠯᠥᠪᠵᠢᠭᠦᠯᠭᠡ᠂ ᠳᠡᠯᠭᠡᠨ ᠦᠵᠡᠭᠦᠯᠦᠯᠭᠡ ᠶᠢᠨ ᠪᠠᠶᠢᠷᠢᠯᠠᠭᠤᠯᠤᠯᠲᠠ᠂ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠵᠡᠷᠭᠡ ᠪᠠᠶᠢᠳᠠᠯ ᠢ ᠨᠠᠷᠢᠨ ᠨᠢᠮᠪᠠᠢ ᠪᠠᠶᠢᠴᠠᠭᠠᠨ ᠦᠵᠡᠪᠡ᠃    ᠲᠡᠷᠡ᠂ ᠼᠦᠢ ᠫᠢᠩ ᠱᠠᠨ ᠠᠭᠤᠯᠠᠨ ᠤ ᠶᠢᠩ ᠱᠠᠨ ᠬᠤᠩ ᠠᠮᠢ ᠠᠬᠤᠢ ᠶᠢᠨ ᠴᠡᠴᠡᠷᠯᠢᠭ ᠤᠨ ᠣᠷᠴᠢᠨ ᠲᠣᠭᠤᠷᠢᠨ ᠭᠤᠶᠢᠳᠠ ᠰᠠᠶᠢᠬᠠᠨ᠂ ᠠᠭᠤᠯᠬᠤᠨ‌‍ᠭᠦ᠋ᠨ ᠵᠤᠵᠠᠭᠠᠨ ᠤᠴᠢᠷ ᠠᠴᠠ ᠡᠯ᠎ᠡ ᠰᠠᠯᠠᠭ᠎ᠠ ᠮᠥᠴᠢᠷ ᠤᠨ ᠬᠢᠨ ᠬᠥᠮᠦᠨ ᠢᠶᠠᠷ ᠦᠨᠳᠦᠰᠦ ᠪᠣᠯᠭᠠᠬᠤ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠵᠤ᠂ ᠴᠡᠴᠡᠷᠯᠢᠭ ᠤᠨ ᠳᠣᠲᠣᠭᠠᠳᠤ ᠶᠢᠨ ᠡᠯ᠎ᠡ ᠲᠦᠷᠦᠯ ᠤᠨ ᠡᠬᠢ ᠪᠠᠶᠠᠯᠢᠭ ᠢ ᠪᠦᠬᠦ ᠲᠠᠯ᠎ᠠ ᠪᠠᠷ ᠡᠮᠬᠢᠯᠡᠵᠦ᠂ ᠦᠵᠡᠮᠵᠢ ᠶᠢᠨ ᠣᠷᠣᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯ ᠢ ᠨᠠᠷᠢᠨ ᠬᠢᠨᠠᠮᠠᠭᠠᠢ ᠰᠤᠳᠤᠯᠵᠤ᠂ ︽5 · 1︾ ᠤ ᠳ᠋ᠦ᠋ ᠵᠢᠤᠸᠠᠨ ᠴᠡᠴᠡᠭ ᠰᠣᠨᠢᠷᠬᠠᠬᠤ ᠤᠯᠠᠷᠢᠯ ᠤᠨ ᠵᠤᠭᠠᠴᠠᠯ ᠤᠨ ᠵᠢᠷᠤᠭ ᠲᠥᠯᠥᠪᠯᠡᠭᠡ ᠶᠢᠨ ᠲᠥᠰᠦᠯ ᠢ ᠨᠠᠷᠢᠨ ᠨᠢᠮᠪᠠᠢ ᠰᠠᠶᠢᠲᠤᠷ ᠬᠢᠵᠦ᠂ ᠵᠠᠯᠠᠨ ᠠᠶᠢᠯ ᠬᠤᠳᠠ ᠶᠢᠨ ᠲᠤᠰ ᠭᠠᠵᠠᠷ ᠤᠨ ᠰᠣᠶᠣᠯ ᠵᠤᠭᠠᠴᠠᠯ ᠤᠨ ᠣᠨᠴᠠᠯᠢᠭ ᠢ ᠢᠯᠡᠷᠡᠭᠦᠯᠵᠦ ᠳᠡᠶᠢᠯᠬᠦ ᠰᠢᠨ᠎ᠡ ᠦᠢᠯᠡᠳᠬᠦᠨ᠂ ᠰᠢᠨ᠎ᠡ ᠡᠵᠡᠩᠨᠡᠯᠲᠡ ᠶᠢᠨ ᠬᠡᠯᠪᠡᠷᠢ ᠶᠢ ᠡᠭᠦᠳᠬᠦ ᠬᠡᠷᠡᠭᠲᠡᠢ ᠭᠡᠵᠦ ᠬᠡᠯᠡᠪᠡ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠷᠣᠨ ᠲᠤᠭ᠎ᠠ ᠶᠢ ᠨᠢᠭᠡᠳᠦᠯᠲᠡᠶ ᠲᠥᠯᠥᠪᠯᠡᠨ᠂ ᠰᠢᠰᠲ᠋ᠧᠮ ᠲᠠᠢ ᠬᠥᠳᠡᠯᠦᠯᠴᠡᠵᠦ᠂ ᠪᠠᠷᠢᠮᠵᠢᠶ᠎ᠠ ᠶᠢ ᠥᠨᠳᠥᠷ ᠪᠣᠯᠭᠠᠨ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠠᠳᠬᠤᠵᠤ ᠂ ᠨᠠᠷᠢᠨ ᠲᠠᠩᠰᠠᠴᠢᠯᠠᠭᠰᠠᠨ᠂ ᠬᠠᠷᠠᠯᠲᠠᠴᠢᠯᠠᠭᠰᠠᠨ ᠬᠠᠮᠢᠶᠠᠷᠤᠯᠲᠠ ᠶᠢ ᠪᠠᠷᠢᠮᠲᠠᠯᠠᠨ᠂ ᠦᠵᠡᠮᠵᠢ ᠶᠢᠨ ᠣᠷᠣᠨ ᠢ ᠳᠡᠭᠡᠭᠰᠢᠯᠡᠭᠦᠯᠬᠦ ᠠᠵᠢᠯ ᠤᠨ ᠵᠢᠷᠤᠭ ᠲᠥᠯᠥᠪᠯᠡᠭᠡ ᠪᠠ ᠪᠥᠲᠥᠭᠡᠨ ᠪᠠᠶᠢᠭᠤᠯᠤᠯᠲᠠ ᠶᠢ ᠨᠢᠭᠡ ᠴᠤᠭᠴᠠᠵᠢᠭᠤᠯᠤᠨ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠵᠤᠭᠠᠴᠠᠯ ᠤᠨ ᠠᠮᠤᠷ ᠲᠦᠪᠰᠢᠨ ᠤ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ᠂ ᠢᠳᠡᠭᠡᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠢᠴᠢ ᠭᠠᠯ ᠰᠡᠷᠭᠡᠶᠢᠯᠡᠨ ᠤᠨᠲᠠᠷᠠᠭᠠᠬᠤ ᠵᠡᠷᠭᠡ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠨᠠᠷᠢᠨ ᠨᠢᠮᠪᠠᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠠᠷᠭ᠎ᠠ  ᠬᠡᠮᠵᠢᠶ᠎ᠡ ᠶᠢ ᠨᠠᠷᠢᠯᠢᠬᠵᠢᠭᠤᠯᠵᠤ᠂ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠴᠠᠭ ᠲᠤᠬᠠᠢ ᠳᠤᠨᠢ ᠪᠦᠲᠦᠮᠵᠢᠲᠡᠢ ᠠᠷᠢᠯᠭᠠᠬᠤ ᠬᠡᠷᠡᠭᠲᠡᠢ᠃ ᠦᠢᠯᠡᠴᠢᠯᠡᠭᠡᠨ ᠤ ᠪᠠᠲᠤᠯᠠᠪᠤᠷᠢ ᠶᠢᠨ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠬᠡᠷᠡᠭᠯᠡᠭᠡᠨ ᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠰᠣᠶᠣᠯ ᠤᠨ ᠡᠭᠦᠳᠦᠯᠲᠡ᠂ ᠶᠠᠰᠤ ᠴᠢᠨᠠᠷ᠂ ᠵᠤᠭᠠᠴᠠᠨ ᠨᠠᠭᠠᠳᠬᠤ ᠵᠡᠷᠭᠡ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠰᠠᠭᠤᠷᠢ ᠲᠥᠬᠦᠭᠡᠷᠦᠮᠵᠢ ᠶᠢ ᠰᠡᠯᠪᠢᠨ ᠰᠡᠷᠭᠦᠭᠡᠬᠦ ᠪᠠ ᠡᠳᠦᠷ ᠲᠤᠳᠤᠮ ᠤᠨ ᠬᠠᠮᠠᠭᠠᠯᠠᠯᠲᠠ ᠶᠢ ᠴᠢᠩᠭᠠᠳᠬᠠᠵᠤ᠂ ᠦᠵᠡᠮᠵᠢ ᠶᠢᠨ ᠣᠷᠣᠨ ᠤ ᠠᠮᠤᠷ ᠲᠦᠪᠰᠢᠨ ᠢᠶᠠᠷ ᠡᠵᠡᠩᠨᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠥᠷᠭᠡᠨ ᠤᠯᠠᠨ ᠵᠤᠭᠠᠴᠠᠭᠴᠢ ᠪᠠ ᠠᠷᠠᠳ ᠲᠦᠮᠡᠨ ᠳᠤ ᠡᠶ᠎ᠡ ᠵᠣᠬᠢᠴᠠᠩᠭᠤᠢ᠂ ᠠᠮᠤᠷ ᠲᠦᠪᠰᠢᠨ᠂ ᠤᠯᠠᠨ ᠡᠰᠢᠴᠢᠯᠡᠭᠰᠡᠨ ᠵᠤᠭᠠᠴᠠᠯ ᠤᠨ ᠣᠷᠴᠢᠨ ᠲᠣᠭᠤᠷᠢᠨ ᠢ ᠪᠤᠢ ᠪᠣᠯᠭᠠᠵᠤ᠂ ᠨᠠᠷᠢᠨ ᠨᠢᠮᠪᠠᠢ ᠳᠤᠮᠳᠠ ᠵᠠᠯᠠᠨ ᠠᠶᠢᠯ ᠤᠨ ᠬᠠᠯᠠᠭᠤᠨ ᠰᠡᠳᠬᠢᠯᠭᠡ ᠪᠠ ᠬᠠᠯᠠᠭᠤᠨ ᠳᠤᠯᠠᠭᠠᠨ ᠢ ᠢᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ