ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠵᠠᠯᠠᠨ ᠠᠶᠢᠯ ᠬᠤᠲᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/4/16
    ᠪᠦᠬᠦ ᠣᠷᠣᠨ ᠤ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠦᠨᠳᠦᠰᠦᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠵᠠᠮ ᠢ ᠰᠢᠨᠵᠢᠯᠡᠬᠦ ᠤᠬᠠᠭᠠᠨᠴᠢ ᠪᠠᠷ ᠮᠠᠨ ᠤ ᠣᠷᠣᠨ ᠤ ᠰᠤᠷᠭᠠᠨ ᠬᠥᠮᠦᠵᠢᠯ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠶ ᠳᠡᠭᠡᠭᠰᠢᠯᠡᠭᠦᠯᠵᠦ᠂ 2024 ᠣᠨ ᠤ 4 ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠳᠠᠷᠤᠭ᠎ᠠ ᠹᠦ᠋ ᠢᠦᠶ ᠲᠤᠤ ᠶᠢᠨ ᠳᠠᠭᠠᠭᠤᠯᠭ᠎ᠠ ᠳᠣᠤᠷ᠎ᠠ᠂ ᠲᠡᠷᠡ ᠭᠤᠷᠪᠠᠭᠤᠯᠠ ᠵᠠᠯᠠᠨ ᠠᠶᠢᠯ ᠬᠤᠲᠠ ᠶᠢᠨ ᠮᠥᠬᠦᠴᠢ ᠪᠠᠯᠭᠠᠰᠤᠨ ᠤ ᠭᠤᠤᠯ ᠰᠤᠷᠭᠠᠭᠤᠯᠢ ᠳᠤ ᠭᠦᠨᠵᠡᠭᠡᠶᠢᠷᠡᠨ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠴᠠᠭᠠᠨ ᠰᠤᠳᠤᠯᠤᠯᠲᠠ ᠬᠢᠵᠦ᠂ ᠬᠥᠯᠥᠨ ᠪᠤᠶᠢᠷ ᠬᠤᠲᠠ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠪ ᠤᠨ ᠳᠡᠳ᠋ ᠡᠷᠬᠢᠯᠡᠭᠴᠢ ᠶᠠᠨ ᠼᠦᠩ ᠵᠢᠶᠧ᠂ ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠠᠷᠤᠭ᠎ᠠ ᠵᠠᠩ ᠶᠦᠩ ᠱᠧᠩ ᠵᠢᠴᠢ ᠬᠠᠮᠢᠶ᠎ᠠ ᠪᠥᠬᠦᠶ ᠬᠥᠮᠦᠰ  ᠪᠠᠶᠢᠴᠠᠭᠠᠨ ᠰᠤᠳᠤᠯᠤᠯᠲᠠ ᠬᠢᠪᠠ᠃     ᠲᠤᠬᠠᠶ ᠶᠢᠨ ᠲᠠᠯᠠᠪᠠᠶ ᠳᠤ ᠪᠠᠶᠢᠴᠠᠭᠠᠨ ᠰᠤᠳᠤᠯᠤᠯᠲᠠ ᠬᠢᠵᠦ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠶᠠᠪᠤᠭᠳᠠᠭᠤᠯᠵᠤ᠂ ᠤᠷᠢᠳ ᠬᠤᠵᠢᠳ ᠰᠤᠷᠭᠠᠭᠤᠯᠢ ᠶᠢᠨ ᠺᠣᠮᠫᠢᠦ᠋ᠲ᠋ᠧᠷ ᠤᠨ ᠬᠢᠴᠢᠶᠡᠯ ᠤᠨ ᠭᠡᠷ᠂ ᠡᠯᠧᠺᠲᠷᠣᠨ ᠤᠩᠰᠢᠯᠭ᠎ᠠ ᠶᠢᠨ ᠭᠡᠷ᠂ ᠲᠤᠰᠬᠠᠶ ᠬᠢᠴᠢᠶᠡᠯ ᠤᠨ ᠭᠡᠷ᠂ ᠡᠬᠢ ᠪᠠᠶᠠᠯᠢᠭ ᠤᠨ ᠬᠢᠴᠢᠶᠡᠯ ᠤᠨ ᠭᠡᠷ ᠲᠤ ᠣᠷᠣᠵᠤ᠂ ᠰᠤᠷᠭᠠᠭᠤᠯᠢ ᠶᠢᠨ ᠮᠡᠳᠡᠭᠡ ᠵᠠᠩᠭᠢᠵᠢᠯᠲᠠ ᠶᠢᠨ ᠠᠵᠢᠯ ᠤᠨ ᠬᠡᠷᠡᠭᠯᠡᠯᠲᠡ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠤᠯᠭᠠᠷᠠᠵᠤ ᠪᠠᠶᠢᠭ᠎ᠠ ᠬᠦᠴᠢᠷᠳᠡᠯ ᠢ ᠣᠶᠢᠯᠠᠭᠠᠵᠤ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠪᠤᠰᠤᠳᠴᠢ ᠪᠠᠷ ᠣᠨᠣᠪᠴᠢᠲᠠᠶ ᠡᠵᠡᠮᠳᠡᠨ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠰᠡᠳᠬᠢᠴᠡ᠂ ᠬᠠᠷᠠᠯᠲᠠ᠂ ᠠᠵᠢᠯ ᠤᠨ ᠭᠤᠤᠯᠳᠠᠯᠭ᠎ᠠ ᠪᠠ ᠠᠷᠭ᠎ᠠ ᠶᠢ ᠭᠦᠨᠵᠡᠭᠡᠶ ᠰᠦᠪᠡᠭᠴᠢᠯᠡᠵᠦ᠂ ᠣᠷᠣᠶ ᠶᠢᠨ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠨᠠᠩ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠠᠷᠢᠯᠢᠭ ᠣᠨᠣᠴᠠᠲᠠᠶ ᠪᠠᠷ ᠨᠠᠶᠢᠳᠠᠪᠤᠷᠢᠵᠢᠭᠤᠯᠬᠤ ᠳᠤ ᠲᠥᠬᠦᠮ ᠪᠣᠯᠭᠠᠨ᠎ᠠ᠃      ᠡᠨᠡ ᠤᠳᠠᠭ᠎ᠠ ᠶᠢᠨ ᠪᠠᠶᠢᠴᠠᠭᠠᠨ ᠰᠤᠳᠤᠯᠤᠯᠲᠠ ᠨᠢ ᠵᠠᠯᠠᠨ ᠠᠶᠢᠯ ᠬᠤᠳᠠ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠠᠵᠢᠯ ᠤᠨ ᠰᠤᠳᠠᠯ ᠢ ᠠᠳᠬᠤᠨ ᠣᠨᠣᠰᠢᠯᠠᠵᠤ᠂ ᠱᠠᠯᠠᠪᠳᠠᠭᠤᠯᠤᠨ ᠵᠢᠯᠣᠭᠤᠳᠴᠤ ᠪᠠᠶᠢᠬᠤ ᠪᠥᠭᠡᠳ ᠨᠡᠩ ᠴᠤ ᠱᠠᠯᠠᠪᠳᠠᠭᠤᠯᠤᠨ ᠵᠣᠷᠢᠭᠵᠢᠭᠤᠯᠵᠤ᠂ ᠴᠢᠭᠯᠡᠯ ᠢᠶᠠᠷ ᠬᠦᠳᠦᠯᠦᠨ ᠳᠠᠭᠠᠭᠤᠯᠵᠤ ᠪᠠᠶᠢᠨ᠎ᠠ᠂ ᠵᠠᠯᠠᠨ ᠠᠶᠢᠯ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ‌ᠡᠭᠦᠨ ᠢᠶᠠᠷ ᠠᠵᠠ ᠲᠣᠬᠢᠶᠠᠯ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ ᠳᠤᠲᠠᠭᠤᠳᠠᠯ ᠢᠶᠠᠨ ᠨᠥᠬᠦᠪᠥᠷᠢᠯᠡᠵᠦ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠳᠠᠪᠰᠢᠬᠤ ᠪᠠᠷ ᠴᠢᠷᠮᠠᠶᠢᠵᠤ᠂ ᠪᠦᠬᠦ ᠣᠷᠣᠨ ᠤ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠵᠦ᠂ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ