ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ᠤᠨ ︽ᠠᠨᠠᠷ ᠤᠨ ᠦᠷ᠎ᠡ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ︾ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/16
    2024 ᠣᠨ ᠤ 4 ᠰᠠᠷ᠎ᠠ ᠪᠣᠯ 36 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠪᠣᠯᠤᠨ᠎ᠠ᠂ ᠡᠨᠡ ᠬᠤᠭᠤᠴᠠᠭᠠᠨ ᠳᠤ᠂ ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ᠤᠨ ︽ᠠᠨᠠᠷ ᠤᠨ ᠦᠷ᠎ᠡ︾ ᠶᠢᠨ ᠰᠠᠶᠢᠨ ᠳᠤᠷ᠎ᠠ ᠶᠢᠨ  ᠦᠢᠯᠡᠴᠢᠯᠡᠭᠡᠨ ᠤ ᠠᠩᠭᠢ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢ ᠢᠳᠡᠪᠬᠢᠲᠡᠶ ᠲᠤᠤᠱᠯᠠᠭᠤᠯᠵᠤ᠂ ᠡᠷᠡᠭᠦᠯ ᠬᠠᠮᠠᠭᠠᠯᠠᠯ ᠤᠨ ᠴᠡᠪᠡᠷᠯᠡᠯᠲᠡ ᠪᠠᠷ ᠴᠢᠬᠤᠯᠠ ᠠᠷᠭ᠎ᠠ ᠪᠠᠷᠢᠯ ᠪᠣᠯᠭᠠᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠵᠢᠴᠢ ᠨᠠᠮ ᠤᠨ ᠭᠡᠰᠢᠭᠦᠨ ᠤ ᠰᠠᠶᠢᠨ ᠳᠤᠷ᠎ᠠ ᠶᠢᠨ  ᠦᠢᠯᠡᠴᠢᠯᠡᠭᠡᠨ ᠤ ᠠᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠪᠠ᠃      ᠪᠥᠬᠦ ᠭᠡᠰᠢᠭᠦᠳ ᠬᠦᠴᠢᠷ ᠪᠡᠷᠬᠡᠰᠢᠶᠡᠯ ᠠᠴᠠ ᠠᠶᠤᠬᠤ ᠥᠬᠡᠶ᠂ ᠶᠠᠳᠠᠷᠠᠯ ᠵᠦᠳᠡᠷᠡᠯ ᠠᠴᠠ ᠬᠠᠯᠠᠰᠢᠷᠠᠬᠤ ᠥᠬᠡᠶ ᠵᠣᠷᠢᠭ ᠰᠠᠨᠠᠭ᠎ᠠ ᠶᠢ ᠪᠠᠷᠢᠮᠲᠠᠯᠠᠨ᠂ ᠡᠯ᠎ᠡ  ᠵᠦᠢᠯ  ᠤᠨ ᠠᠷᠢᠭᠤᠨ ᠴᠡᠪᠡᠷ ᠤᠨ ᠪᠠᠭᠠᠵᠢ ᠬᠡᠷᠡᠭᠰᠡᠯ ᠢ ᠠᠪᠴᠤ᠂ ᠳᠠᠭᠠᠭᠠᠴᠢᠯᠠᠨ ᠬᠤᠯᠪᠣᠭᠠᠯᠠᠬᠤ ᠭᠠᠵᠠᠷ ᠲᠤ ᠭᠦᠨᠵᠡᠭᠡᠶᠢᠷᠡᠨ᠂ ᠴᠠᠭᠠᠨ ᠥᠩᠭᠡ ᠶᠢᠨ ᠬᠤᠭ ᠨᠣᠪᠰᠢ ᠶᠢ ᠲᠦᠢᠯᠪᠤᠷᠢᠲᠠᠶ ᠠᠷᠢᠯᠭᠠᠵᠤ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠨᠥᠬᠦᠴᠡᠯ ᠢ ᠦᠨᠡᠨ ᠬᠦ ᠰᠠᠶᠢᠵᠢᠷᠠᠭᠤᠯᠪᠠ᠃     ᠲᠠᠷᠠᠭᠠᠴᠢ ᠶᠢᠨ ᠠᠯᠬᠤᠮ ᠳᠤ᠂ ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ᠤᠨ ︽ᠠᠨᠠᠷ ᠤᠨ ᠦᠷ᠎ᠡ︾ ᠶᠢᠨ ᠰᠠᠶᠢᠨ ᠳᠤᠷ᠎ᠠ ᠶᠢᠨ  ᠦᠢᠯᠡᠴᠢᠯᠡᠭᠡᠨ ᠤ ᠠᠩᠭᠢ ᠶᠢᠨ ᠬᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠪᠠᠷ ᠠᠵᠠ ᠲᠣᠬᠢᠶᠠᠯ ᠪᠣᠯᠭᠠᠵᠤ᠂ ᠳᠠᠭᠠᠭᠠᠴᠢᠯᠠᠨ ᠬᠤᠯᠪᠣᠭᠰᠠᠨ ᠭᠠᠵᠠᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠪᠠᠶᠢᠩᠭᠤᠵᠢᠭᠤᠯᠤᠨ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠪᠠᠭᠤᠷᠠᠶ ᠭᠤᠭᠴᠤᠭ᠎ᠠ ᠶᠢᠨ ᠡᠷᠡᠭᠦᠯ ᠬᠠᠮᠠᠭᠠᠯᠠᠯ ᠤᠨ ᠪᠠᠶᠢᠳᠠᠯ ᠢ ᠲᠠᠰᠤᠷᠠᠯᠲᠠ ᠥᠬᠡᠶ ᠰᠠᠶᠢᠵᠢᠷᠠᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠤᠲᠠᠭᠤᠳᠠᠯ ᠢ ᠨᠥᠬᠦᠪᠥᠷᠢᠯᠡᠨ᠎ᠡ᠃ ᠡᠭᠦᠨ ᠤ ᠵᠡᠷᠭᠡᠴᠡᠭᠡᠪᠡᠷ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠤᠬᠠᠭᠤᠯᠭ᠎ᠠ ᠬᠥᠮᠦᠵᠢᠯ ᠤᠨ ᠠᠷᠭ᠎ᠠ ᠮᠠᠶ᠋ᠢᠭ ᠢ ᠬᠡᠷᠡᠭᠯᠡᠨ᠂ ᠥᠷᠭᠡᠨ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠣᠷᠴᠢᠨ ᠠᠬᠤᠶ ᠶᠢᠨ ᠡᠷᠡᠭᠦᠯ ᠬᠠᠮᠠᠭᠠᠯᠠᠯ ᠢ ᠬᠠᠶᠢᠷᠠᠯᠠᠨ ᠬᠠᠮᠠᠭᠠᠯᠠᠵᠤ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠭᠤᠯᠵᠤ᠂ ᠪᠦᠬᠦ ᠠᠷᠠᠳ ᠢᠶᠠᠷ ᠢᠶᠠᠨ ᠣᠷᠣᠯᠴᠠᠬᠤ᠂ ᠬᠥᠮᠦᠨ ᠪᠦᠬᠦᠨ ᠠᠩᠬᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ