ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠄ ᠲᠤᠰᠢᠶᠠᠯ ᠳᠤ ᠪᠠᠶᠢᠪᠠᠯ ᠵᠠᠪᠠᠯ ᠰᠢᠯᠭᠠᠬᠤ  ᠺᠠᠳ᠋ᠷ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/4/19
    ᠤᠳᠤᠷᠢᠳᠬᠤ ᠺᠠᠳ᠋ᠷ ᠢ ᠲᠤᠰᠢᠶᠠᠯ ᠳᠤ ᠲᠣᠮᠢᠯᠠᠬᠤ ᠠᠴᠠ ᠡᠮᠦᠨᠡᠬᠢ ᠬᠠᠤᠯᠢ ᠴᠠᠭᠠᠵᠠ ᠶᠢᠨ ᠮᠡᠳᠡᠯᠭᠡ ᠶᠢᠨ ᠰᠢᠯᠭᠠᠯᠲᠠ ᠶᠢᠨ ᠲᠦᠷᠢᠮ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠤᠳᠤᠷᠢᠳᠬᠤ ᠺᠠᠳ᠋ᠷ ᠤᠨ ᠬᠠᠤᠯᠢ ᠴᠠᠭᠠᠵᠠ ᠶᠢᠨ ᠬᠢᠷᠢ ᠬᠡᠮᠵᠢᠶ᠎ᠡ ᠪᠠ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠰᠢᠯᠭᠠᠨ ᠪᠠᠶᠢᠴᠠᠭᠠᠵᠤ᠂ ᠤᠳᠤᠷᠢᠳᠬᠤ ᠺᠠᠳ᠋ᠷᠴᠤᠳ ᠤᠨ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠶᠢ ᠳᠦᠷᠢᠮᠵᠢᠭᠦᠯᠬᠦ᠂ ᠵᠢᠷᠤᠮᠵᠢᠭᠤᠯᠬᠤ᠂ ᠪᠠᠶᠢᠩᠭᠤᠵᠢᠭᠤᠯᠬᠤ ᠶᠢ ᠪᠡᠶᠡᠯᠡᠭᠦᠯᠬᠦ ᠶᠢᠨ ᠲᠥᠯᠥᠭᠡ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠠᠤᠯᠢ ᠴᠠᠭᠠᠵᠠ ᠶᠢᠨ ᠲᠣᠪᠴᠢᠶ᠎ᠠ ᠪᠦᠬᠦ ᠬᠤᠲᠠ ᠶᠢᠨ 32 ᠤᠳᠤᠷᠢᠳᠬᠤ ᠺᠠᠳ᠋ᠷ ᠢ ᠰᠢᠨ᠎ᠡ ᠪᠠᠷ ᠳᠡᠪᠰᠢᠭᠦᠯᠦᠭᠰᠡᠨ ᠪᠠ ᠳᠡᠰ ᠳᠡᠪᠰᠢᠭᠦᠯᠦᠭᠰᠡᠨ ᠤᠳᠤᠷᠢᠳᠬᠤ ᠺᠠᠳ᠋ᠷ ᠢ ᠵᠣᠬᠢᠶᠠᠨ ᠪᠠᠶᠢᠭᠤᠯᠵᠤ ᠲᠤᠰᠢᠶᠠᠯ ᠡᠭᠦᠷᠭᠡᠯᠡᠬᠦ ᠠᠴᠠ ᠡᠮᠦᠨᠡᠬᠢ ᠬᠠᠤᠯᠢ ᠴᠠᠭᠠᠵᠠ ᠶᠢᠨ ᠮᠡᠳᠡᠯᠭᠡ ᠶᠢᠨ ᠰᠢᠯᠭᠠᠯᠲᠠ ᠳᠤ ᠣᠷᠣᠯᠴᠠᠭᠤᠯᠵᠠᠶ᠃    ᠲᠣᠰ ᠤᠳᠠᠭᠠᠨ ᠤ ᠰᠢᠯᠭᠠᠯᠲᠠ ᠶᠢ ᠲᠥᠪᠯᠡᠷᠡᠭᠦᠯᠬᠦ᠂ ᠴᠠᠭ ᠬᠢᠵᠠᠭᠠᠷᠯᠠᠬᠤ᠂ ᠡᠪᠬᠡᠮᠡᠯ ᠬᠠᠭᠠᠬᠤ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ᠂ ᠦᠨᠳᠦᠰᠦᠨ ᠬᠠᠤᠯᠢ ᠵᠢᠴᠢ ᠬᠤᠯᠪᠣᠭᠳᠠᠯ ᠪᠥᠬᠦᠶ ᠬᠠᠤᠯᠢ ᠴᠠᠭᠠᠵᠠ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ᠂ ᠢᠷᠭᠡᠨ ᠤ ᠬᠠᠤᠯᠢ ᠶᠢᠨ ᠪᠢᠴᠢᠭ ᠵᠡᠷᠭᠡ ᠤᠯᠤᠰ ᠤᠨ ᠦᠨᠳᠦᠰᠦᠨ ᠬᠠᠤᠯᠢ ᠴᠠᠭᠠᠵᠠ ᠵᠢᠴᠢ ᠨᠡᠶᠢᠭᠡᠮ ᠤᠨ ᠲᠣᠭᠲᠠᠭᠤᠨ ᠪᠠᠶᠢᠳᠠᠯ ᠪᠠ ᠥᠨᠢ ᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠯᠤᠭ᠎ᠠ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠣᠯᠠᠨ ᠲᠠᠯ᠎ᠠ ᠶᠢᠨ ᠠᠭᠤᠯᠭ᠎ᠠ ᠶᠢ ᠣᠶᠢᠯᠠᠭᠠᠭᠰᠠᠨ ᠪᠠ ᠡᠵᠡᠮᠰᠢᠭᠰᠡᠨ ᠪᠠᠶᠢᠳᠠᠯ ᠢ ᠭᠤᠤᠯᠳᠠᠯᠭ᠎ᠠ ᠲᠠᠢ ᠰᠢᠯᠭᠠᠨ ᠪᠠᠶᠢᠴᠠᠭᠠᠨ᠎ᠠ᠃    ᠲᠣᠰ ᠤᠳᠠᠭᠠᠨ ᠤ ᠺᠠᠳ᠋ᠷ ᠤᠨ ᠲᠤᠰᠢᠶᠠᠯ ᠳᠤ ᠭᠠᠷᠬᠤ ᠠᠴᠠ ᠡᠮᠦᠨᠡᠬᠢ ᠬᠠᠤᠯᠢ ᠴᠠᠭᠠᠵᠠ ᠶᠢᠨ ᠮᠡᠳᠡᠯᠭᠡ ᠶᠢᠨ ᠰᠢᠯᠭᠠᠯᠲᠠ ᠪᠣᠯ ᠤᠳᠤᠷᠢᠳᠬᠤ ᠺᠠᠳ᠋ᠷ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ᠂ ᠬᠠᠤᠯᠢ ᠪᠠᠷ ᠵᠠᠰᠠᠬᠤ ᠬᠢᠷᠢ ᠲᠦᠪᠰᠢᠨ ᠤ ᠨᠢᠭᠡ ᠤᠳᠠᠭᠠᠨ ᠤ ᠲᠥᠪᠯᠡᠷᠡᠩᠭᠦᠶ ᠰᠢᠯᠭᠠᠯᠲᠠ ᠪᠣᠯᠤᠨ᠎ᠠ᠃ ᠳᠠᠷᠠᠭᠠᠴᠢ ᠶᠢᠨ ᠠᠯᠬᠤᠮ ᠳᠤ᠂ ᠵᠠᠯᠠᠨ ᠠᠶᠢᠯ ᠬᠤᠳᠠ ᠶᠢᠨ ᠬᠢᠨ ᠤᠳᠤᠷᠢᠳᠬᠤ ᠺᠠᠳ᠋ᠷ ᠭᠡᠬᠦ ᠡᠨᠡᠬᠦ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠠᠳᠬᠤᠬᠤ ᠶᠢ ᠪᠠᠷᠢᠮᠲᠠᠯᠠᠵᠤ᠂ ᠤᠳᠤᠷᠢᠳᠬᠤ ᠺᠠᠳ᠋ᠷ ᠤᠨ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠤᠬᠠᠮᠰᠠᠷᠲᠤ ᠴᠢᠨᠠᠷ ᠢ ᠴᠢᠨᠠᠭᠰᠢᠳᠠ ᠳᠡᠭᠡᠭᠰᠢᠯᠡᠭᠦᠯᠵᠦ᠂ ᠬᠠᠤᠯᠢᠵᠢᠯ ᠤᠨ ᠤᠢᠢᠯᠠᠭᠠᠭᠳᠠᠬᠤᠨ ᠢ ᠤᠬᠠᠮᠰᠠᠷᠲᠤ ᠠᠵᠢᠯᠯᠠᠭ᠎ᠠ ᠪᠣᠯᠭᠠᠵᠤ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠨᠡᠶᠢᠭᠡᠮ ᠤᠨ ᠲᠣᠭᠲᠠᠭᠤᠨ ᠢ ᠠᠬᠢᠭᠤᠯᠬᠤ ᠳᠤ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠨ᠎ᠠ᠃  
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ