ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽4.15︾        ᠤ ᠤᠯᠤᠰ ᠤᠨ ᠠᠮᠤᠷ ᠲᠦᠪᠰᠢᠨ ᠤ ᠡᠳᠦᠷ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/4/19
    ︽ᠤᠯᠤᠰ ᠤᠨ ᠠᠮᠤᠷ ᠲᠦᠪᠰᠢᠨ᠂ ᠠᠷᠠᠳ ᠲᠦᠮᠡᠨ ᠤ ᠠᠮᠤᠷ ᠲᠦᠪᠰᠢᠨ ᠢ ᠬᠠᠮᠠᠭᠠᠯᠠᠬᠤ ᠪᠣᠯ ᠵᠣᠷᠢᠯᠲᠠ ᠮᠥᠨ︾ ᠭᠡᠬᠦ ᠨᠡᠶᠢᠭᠡᠮ ᠤᠨ ᠣᠶᠢᠯᠠᠭᠠᠭᠳᠠᠬᠤᠨ ᠢ ᠶᠡᠭᠡ ᠪᠠᠷ ᠰᠠᠨᠠᠭᠠᠴᠢᠯᠠᠵᠤ᠂ ᠬᠥᠮᠦᠰ ᠤᠨ ᠠᠮᠤᠷ ᠲᠦᠪᠰᠢᠨ ᠢ ᠴᠢᠬᠤᠯᠠᠴᠢᠯᠠᠬᠤ ᠶᠢ ᠳᠠᠶᠢᠴᠢᠯᠠᠬᠤ ᠶᠢᠨ ᠲᠥᠯᠥᠭᠡ᠂ ᠶᠢᠰᠦᠳᠡᠬᠢ ᠠᠷᠠᠳ ᠨᠡᠶᠢᠲᠡ ᠶᠢᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠲᠠᠰᠢᠷᠠᠮ ᠳᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ︽4.15︾        ᠤ ᠤᠯᠤᠰ ᠤᠨ ᠠᠮᠤᠷ ᠲᠦᠪᠰᠢᠨ ᠤ ᠡᠳᠦᠷ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ᠂ ᠮᠠᠰᠢ ᠰᠠᠶᠢᠨ ᠨᠡᠶᠢᠭᠡᠮ ᠤᠨ ᠦᠷ᠎ᠡ ᠪᠦᠲᠦᠮᠵᠢ ᠣᠯᠤᠭᠰᠠᠨ ᠪᠠᠶᠢᠨ᠎ᠠ᠃       ᠠᠵᠢᠯᠯᠠᠭ᠎ᠠ ᠶᠢᠨ ᠳᠤᠮᠳᠠ᠂ ᠡᠯ᠎ᠡ ᠴᠠᠭᠳᠠᠭᠠᠨ ᠤ ᠲᠥᠷᠥᠯ ᠤᠨ ᠬᠢᠨ ᠡᠭᠦᠷᠭᠡ ᠴᠢᠳᠠᠪᠤᠷᠢ ᠶᠢᠨ ᠦᠢᠯᠡᠳᠥᠯ ᠢᠶᠠᠨ  ᠭᠦᠢᠴᠡᠳ ᠪᠠᠳᠠᠷᠠᠭᠤᠯᠵᠤ᠂ ᠣᠯᠠᠨ ᠬᠠᠷᠠᠭᠠᠰᠤ᠂ ᠣᠯᠠᠨ ᠠᠷᠭ᠎ᠠ ᠮᠠᠶ᠋ᠢᠭ ᠢᠶᠠᠷ ᠤᠬᠠᠭᠤᠯᠭ᠎ᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠤᠬᠠᠭᠤᠯᠭ᠎ᠠ ᠶᠢᠨ ᠤᠷᠢᠶ᠎ᠠ ᠯᠣᠽᠦ᠋ᠩ ᠡᠯᠭᠦᠬᠦ᠂ ᠤᠬᠠᠭᠤᠯᠭ᠎ᠠ ᠶᠢᠨ ᠦᠵᠡᠭᠦᠯᠦᠯᠭᠡ ᠶᠢᠨ ᠰᠠᠮᠪᠠᠷ᠎ᠠ ᠭᠠᠷᠭᠠᠬᠤ᠂ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠣᠯᠠᠨ  ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ᠤᠯᠤᠰ ᠤᠨ ᠠᠮᠤᠷ ᠲᠦᠪᠰᠢᠨ ᠤ ᠮᠡᠳᠡᠯᠭᠡ ᠵᠢᠴᠢ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠶᠡᠷᠦ ᠶᠢᠨ ᠮᠡᠳᠡᠯᠭᠡ ᠶᠢ ᠤᠬᠠᠭᠤᠯᠪᠠ᠃ ᠬᠠᠤᠯᠢ ᠴᠠᠭᠠᠵᠠ ᠶᠢᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠡᠬᠡ ᠣᠷᠣᠨ ᠤ ᠠᠮᠤᠷ ᠲᠦᠪᠰᠢᠨ᠂ ᠢᠷᠠᠭᠤ ᠠᠯᠳᠠᠷ ᠪᠠ ᠠᠰᠢᠭ ᠲᠤᠰᠠ ᠳᠤ ᠬᠤᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠶᠢ ᠬᠢᠬᠦ ᠦᠭᠡᠶ᠂ ᠤᠯᠤᠰ ᠣᠷᠣᠨ ᠤ ᠠᠮᠤᠷ ᠲᠦᠪᠰᠢᠨ ᠢ ᠪᠦᠬᠦ ᠬᠦᠴᠦ ᠪᠠᠷ ᠢᠶᠠᠨ ᠬᠠᠮᠠᠭᠠᠯᠠᠵᠤ᠂ ᠤᠯᠤᠰ ᠣᠷᠣᠨ ᠤ ᠠᠮᠤᠷ ᠲᠦᠪᠰᠢᠨ ᠢ ᠬᠠᠮᠠᠭᠠᠯᠠᠬᠤ᠂ ᠤᠯᠤᠰ ᠣᠷᠣᠨ ᠤ ᠨᠢᠭᠤᠴᠠ ᠶᠢ ᠬᠠᠮᠠᠭᠠᠯᠠᠬᠤ ᠠᠷᠠᠳ ᠢᠷᠭᠡᠨ ᠤ ᠡᠭᠦᠷᠭᠡ ᠶᠢ ᠤᠬᠠᠮᠰᠠᠷ ᠠᠴᠠ ᠪᠠᠨ ᠭᠦᠢᠴᠡᠳᠬᠡᠨ᠎ᠡ ᠭᠡᠵᠦ ᠣᠯᠠᠨ ᠲᠦᠮᠡᠨ ᠢᠯᠡᠷᠬᠡᠶᠢᠯᠡᠵᠦ ᠪᠠᠶᠢᠨ᠎ᠠ᠃    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠥᠷᠭᠡᠨ ᠣᠯᠠᠨ ᠲᠦᠮᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠬᠤᠷᠢᠭᠯᠠᠬᠤ ᠴᠢᠳᠠᠪᠤᠷᠢ ᠶᠢ ᠳᠡᠭᠡᠭᠰᠢᠯᠡᠭᠦᠯᠦᠭᠰᠡᠨ ᠤ ᠬᠠᠮᠲᠤ ᠣᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠴᠢᠩᠭᠠᠷᠠᠭᠤᠯᠵᠤ᠂ ᠠᠮᠤᠷ ᠠᠮᠤᠭᠤᠯᠠᠩ ᠵᠠᠯᠠᠨ‌ᠠᠶᠢᠯ ᠬᠤᠳᠠ  ᠶᠢᠨ ᠪᠥᠲᠥᠭᠡᠨ ᠪᠠᠶᠢᠭᠤᠯᠤᠯᠲᠠ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ