1. ᠠᠬᠤᠢ ᠪᠠᠶᠢᠳᠠᠯ ᠤᠨ ᠦᠨᠳᠦᠰᠦᠯᠡᠯ᠄ ︽ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ᠂ ᠲᠦᠷᠢᠶᠡᠰᠦᠨ ᠮᠠᠰᠢᠨ ᠲᠡᠷᠭᠡᠨ ᠤ ᠲᠣᠰᠣᠨ ᠤ | ᠦᠨ᠎ᠡ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠲᠤᠬᠠᠢ ᠡᠳ᠋ ᠤᠨ ᠵᠠᠰᠠᠭ ᠤᠨ ᠶᠠᠮᠤᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠶᠠᠮᠤᠨ ᠤ ᠮᠡᠳᠡᠭᠳᠡᠯ︾ ︵ᠡᠳ᠋ ᠤᠨ ᠵᠠᠰᠠᠭ ᠪᠦᠲᠦᠭᠡᠨ ᠪᠠᠶᠢᠭᠤᠯᠤᠯᠲᠠ ﹇2022﹈ 1 ᠳ᠋ᠦ᠋ᠭᠡᠷ ᠲᠣᠭᠠᠲᠤ︶᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠳᠠᠬᠢ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠨᠥᠬᠦᠪᠥᠷᠢ ᠶᠢᠨ ᠪᠡᠯᠡ | ᠮᠥᠩᠭᠦ ᠪᠠ ᠬᠤᠲᠠ ᠶᠢᠨ ᠵᠠᠮ ᠬᠠᠷᠢᠯᠴᠠᠭᠠᠨ ᠤ ᠬᠥᠭᠵᠢᠯᠲᠡ ᠶᠢᠨ ᠱᠠᠩᠨᠠᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠤᠨ ᠮᠡᠳᠡᠭᠳᠡᠯ︾ ︵ | ᠥᠪᠥᠷ ᠡᠳ᠋ ᠤᠨ ᠵᠠᠰᠠᠭ ᠪᠦᠲᠦᠭᠡᠨ ᠪᠠᠶᠢᠭᠤᠯᠤᠯᠲᠠ ﹇2022﹈ 1116 ᠳ᠋ᠤᠭᠠᠷ ᠲᠣᠭᠠᠲᠤ︶᠃ | 2. ᠬᠤᠯᠪᠣᠭᠳᠠᠬᠤ ᠬᠦᠷᠢᠶ᠎ᠡ ᠬᠡᠪᠴᠢᠶ᠎ᠡ᠄ ᠪᠦᠬᠦ ᠣᠷᠣᠨ ᠤ ᠴᠠᠭᠳᠠᠨ ᠶᠠᠪᠤᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠭᠴᠢ ᠪᠣᠯᠤᠨ ᠵᠢᠯᠣᠭᠤᠴᠢ᠂ | ᠲᠦᠷᠢᠶᠡᠰᠦᠨ ᠮᠠᠰᠢᠨ ᠲᠡᠷᠭᠡᠨ ᠤ ᠲᠤᠰᠬᠠᠢ ᠬᠡᠷᠡᠭᠯᠡᠬᠦ ᠴᠠᠬᠢᠯᠭᠠᠨ ᠴᠡᠨᠡᠭᠯᠡᠬᠦ ᠰᠣᠯᠢᠬᠤ ᠥᠷᠲᠡᠭᠡ ᠶᠢᠨ ᠠᠵᠤ ᠠᠬᠤᠶᠢᠯᠠᠯ᠃ | 3. ᠬᠡᠷᠡᠭᠵᠢᠭᠦᠯᠬᠦ ᠪᠠᠷᠢᠮᠵᠢᠶ᠎ᠠ᠄ ᠱᠠᠭᠠᠷᠳᠠᠯᠭ᠎ᠠ ᠳᠤ ᠨᠡᠶᠢᠴᠡᠬᠦ ᠴᠠᠬᠢᠯᠭᠠᠨ ᠴᠡᠨᠡᠭᠯᠡᠬᠦ ᠴᠠᠭᠳᠠᠨ ᠶᠠᠪᠤᠬᠤ ᠲᠦᠷᠢᠶᠡᠰᠦᠨ ᠮᠠᠰᠢᠨ ᠲᠡᠷᠭᠡ ᠬᠤᠳᠠᠯᠳᠤᠨ ᠠᠪᠤᠪᠠᠯ | ᠲᠡᠷᠭᠡ ᠪᠦᠷᠢ ᠳᠤ 4 ᠲᠦᠮᠡᠨ ᠲᠥᠭᠦᠷᠢᠭ ᠤᠨ ᠨᠥᠬᠦᠪᠥᠷᠢ ᠥᠭᠴᠦ᠂ ᠱᠠᠭᠠᠷᠳᠠᠯᠭ᠎ᠠ ᠳᠤ ᠨᠡᠶᠢᠴᠡᠬᠦ ᠴᠠᠬᠢᠯᠭᠠᠨ ᠰᠣᠯᠢᠬᠤ ᠴᠠᠭᠳᠠᠨ ᠶᠠᠪᠤᠬᠤ ᠲᠦᠷᠢᠶᠡᠰᠦᠨ ᠮᠠᠰᠢᠨ | ᠲᠡᠷᠭᠡ ᠬᠤᠳᠠᠯᠳᠤᠨ ᠠᠪᠤᠪᠠᠯ ᠲᠡᠷᠭᠡ ᠪᠦᠷᠢ ᠳᠤ 4.5 ᠲᠦᠮᠡᠨ ᠲᠥᠭᠦᠷᠢᠭ ᠤᠨ ᠨᠥᠬᠦᠪᠥᠷᠢ ᠥᠭᠴᠦ᠂ ᠤᠯᠤᠰ ᠠᠴᠠ ᠲᠣᠭᠲᠠᠭᠠᠭᠰᠠᠨ ᠠᠯᠪᠠᠳᠠᠯᠭ᠎ᠠ ᠪᠠᠷ | ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠪᠠᠷ ᠪᠣᠲᠤᠵᠤ᠂ ᠰᠢᠲᠠᠭᠠᠯᠭ᠎ᠠ ᠶᠢᠨ ᠲᠣᠰᠣ ︵ᠬᠡᠢ︶ ᠶᠢᠨ ᠴᠠᠭᠳᠠᠨ ᠶᠠᠪᠤᠬᠤ ᠲᠦᠷᠢᠶᠡᠰᠦᠨ ᠮᠠᠰᠢᠨ ᠲᠡᠷᠭᠡ ᠶᠢ 12 | ᠰᠠᠷ᠎ᠠ ᠠᠴᠠ ᠳᠡᠭᠡᠭᠰᠢ ᠤᠷᠢᠳᠴᠢᠯᠠᠨ ᠰᠢᠨ᠎ᠡ ᠡᠨᠧᠷᠭᠢ ᠶᠢᠨ ᠴᠠᠭᠳᠠᠨ ᠶᠠᠪᠤᠬᠤ ᠲᠡᠷᠭᠡ ᠪᠣᠯᠭᠠᠨ ᠰᠢᠨᠡᠳᠭᠡᠭᠰᠡᠨ ᠪᠣᠯ᠂ ᠲᠡᠷᠭᠡ ᠪᠦᠷᠢ ᠳᠤ ᠳᠠᠬᠢᠨ 5000 | ᠲᠥᠭᠦᠷᠢᠭ ᠱᠠᠩᠨᠠᠨ᠎ᠠ᠃ ᠲᠦᠷᠢᠶᠡᠰᠦᠨ ᠮᠠᠰᠢᠨ ᠲᠡᠷᠭᠡᠨ ᠤ ᠲᠤᠰᠬᠠᠢ ᠬᠡᠷᠡᠭᠯᠡᠬᠦ ᠴᠠᠬᠢᠯᠭᠠᠨ ᠴᠡᠨᠡᠭᠯᠡᠬᠦ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠨᠥᠬᠦᠪᠥᠷᠢ ᠶᠢ | ᠪᠣᠳᠠᠲᠠᠢ ᠠᠵᠢᠯᠯᠠᠭᠠᠨ ᠤ ᠴᠢᠳᠠᠮᠵᠢ ᠪᠠᠷ ᠪᠣᠳᠣᠵᠤ᠂ 100 ᠲᠥᠭᠦᠷᠢᠭ / ᠺᠢᠯᠦᠸᠡᠲ ᠤᠨ ᠪᠠᠷᠢᠮᠵᠢᠶ᠎ᠠ ᠪᠠᠷ ᠨᠢᠭᠡ ᠯᠡ ᠤᠳᠠᠭ᠎ᠠ ᠳᠤ ᠨᠥᠬᠦᠪᠥᠷᠢ ᠥᠭᠴᠦ᠂ ᠨᠢᠭᠡ | ᠴᠠᠬᠢᠯᠭᠠᠨ ᠴᠡᠨᠡᠭᠯᠡᠬᠦ ᠥᠷᠲᠡᠭᠡ ᠶᠢᠨ ᠬᠠᠮᠤᠭ ᠤᠨ ᠥᠨᠳᠥᠷ ᠨᠥᠬᠦᠪᠥᠷᠢ ᠶᠢ 30 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ︔ ᠲᠦᠷᠢᠶᠡᠰᠦᠨ ᠮᠠᠰᠢᠨ | ᠲᠡᠷᠭᠡᠨ ᠤ ᠲᠤᠰᠬᠠᠢ ᠬᠡᠷᠡᠭᠯᠡᠬᠦ ᠴᠠᠬᠢᠯᠭᠠᠨ ᠰᠣᠯᠢᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠨᠥᠬᠦᠪᠥᠷᠢ ᠶᠢ ᠪᠣᠳᠠᠲᠠᠢ ᠠᠵᠢᠯᠯᠠᠭᠠᠨ ᠤ ᠴᠢᠳᠠᠮᠵᠢ ᠪᠠᠷ | ᠪᠣᠳᠣᠵᠤ᠂ 800 ᠲᠥᠭᠦᠷᠢᠭ / ᠺᠢᠯᠦᠸᠡᠲ ᠤᠨ ᠪᠠᠷᠢᠮᠵᠢᠶ᠎ᠠ ᠪᠠᠷ ᠨᠢᠭᠡ ᠯᠡ ᠤᠳᠠᠭ᠎ᠠ ᠳᠤ ᠨᠥᠬᠦᠪᠥᠷᠢ ᠥᠭᠴᠦ᠂ ᠥᠷᠲᠡᠭᠡ ᠨᠢᠭᠡᠪᠦᠷᠢ ᠳᠤ ᠬᠠᠮᠤᠭ ᠤᠨ ᠥᠨᠳᠥᠷ | ᠨᠥᠬᠦᠪᠥᠷᠢ ᠶᠢ 150 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠵᠢᠯ ᠪᠦᠷᠢ ᠲᠦᠷᠢᠶᠡᠰᠦᠨ ᠮᠠᠰᠢᠨ | ᠲᠡᠷᠭᠡᠨ ᠤ ᠲᠤᠰᠬᠠᠢ ᠬᠡᠷᠡᠭᠯᠡᠬᠦ ᠴᠠᠬᠢᠯᠭᠠᠨ ᠴᠡᠨᠡᠭᠯᠡᠬᠦ ᠰᠣᠯᠢᠬᠤ ᠥᠷᠲᠡᠭᠡ ᠳᠤ ᠰᠢᠯᠭᠠᠨ ᠬᠢᠨᠠᠯᠲᠠ ᠬᠢᠵᠦ᠂ ᠵᠢᠯ ᠪᠦᠷᠢ ᠰᠢᠯᠭᠠᠨ ᠬᠢᠨᠠᠭᠰᠠᠨ ᠦᠷ᠎ᠡ ᠳ᠋ᠦᠩ ᠢᠶᠠᠷ | ᠲᠦᠷᠢᠶᠡᠰᠦᠨ ᠮᠠᠰᠢᠨ ᠲᠡᠷᠭᠡᠨ ᠤ ᠲᠤᠰᠬᠠᠢ ᠬᠡᠷᠡᠭᠯᠡᠬᠦ ᠴᠠᠬᠢᠯᠭᠠᠨ ᠴᠡᠨᠡᠭᠯᠡᠬᠦ ᠰᠣᠯᠢᠬᠤ ᠥᠷᠲᠡᠭᠡ ᠶᠢᠨ ᠡᠵᠡᠩᠨᠡᠯᠲᠡ ᠶᠢᠨ ᠨᠥᠬᠦᠪᠥᠷᠢ ᠣᠯᠭᠤᠨ᠎ᠠ᠃ ᠰᠢᠯᠭᠠᠨ | ᠬᠢᠨᠠᠭᠰᠠᠨ ᠦᠷ᠎ᠡ ᠳ᠋ᠦᠩ ᠢ ᠰᠢᠯᠢᠳᠡᠭ᠂ ᠰᠠᠶᠢᠨ ᠪᠠ ᠬᠢᠷᠢ ᠲᠡᠩᠴᠡᠭᠰᠡᠨ ᠭᠡᠵᠦ ᠬᠤᠪᠢᠶᠠᠵᠤ᠂ ᠨᠥᠬᠦᠪᠥᠷᠢ ᠥᠭᠬᠦ ᠪᠠᠷᠢᠮᠵᠢᠶ᠎ᠠ ᠶᠢ ᠬᠠᠷᠠᠭᠠᠯᠵᠠᠭᠤᠯᠤᠨ ᠲᠤᠰ ᠲᠤᠰ 0. | 4 ᠲᠥᠭᠦᠷᠢᠭ / ᠺᠢᠯᠣᠸᠠᠲ ᠴᠠᠭ᠂ 0.3 ᠲᠥᠭᠦᠷᠢᠭ / ᠺᠢᠯᠣᠸᠠᠲ ᠴᠠᠭ ᠪᠠ 0.2 ᠲᠥᠭᠦᠷᠢᠭ / ᠺᠢᠯᠣᠸᠠᠲ ᠴᠠᠭ ᠪᠣᠯᠭᠠᠵᠤ᠂ ᠰᠢᠯᠭᠠᠨ ᠬᠢᠨᠠᠭᠰᠠᠨ ᠦᠷ᠎ᠡ | ᠳ᠋ᠦᠩ ᠳᠤ ᠬᠢᠷᠢ ᠲᠡᠩᠴᠡᠭᠰᠡᠨ ᠦᠭᠡᠢ ᠪᠠᠶᠢᠪᠠᠯ ᠨᠥᠬᠦᠪᠥᠷᠢ ᠥᠭᠬᠦ ᠦᠭᠡᠢ᠂ ᠨᠥᠬᠦᠪᠥᠷᠢ ᠥᠭᠬᠦ ᠳᠡᠭᠡᠳᠦ ᠬᠢᠵᠠᠭᠠᠷ ᠤᠨ ᠴᠠᠭ ᠤᠨ ᠲᠤᠭ᠎ᠠ ᠶᠢ ᠵᠢᠯ ᠪᠦᠷᠢ 1000 | ᠴᠠᠭ ᠠᠴᠠ ᠬᠡᠲᠦᠷᠡᠭᠦᠯᠬᠦ ᠦᠭᠡᠢ᠃ | 4. ᠠᠩᠬᠠᠷᠬᠤ ᠵᠦᠢᠯᠡᠰ᠄ ᠨᠢᠭᠡ ᠳᠤ᠂ ᠲᠥᠷᠥ ᠶᠢᠨ ᠪᠣᠳᠣᠯᠭ᠎ᠠ ᠶᠢᠨ ᠬᠦᠴᠦᠨ ᠲᠠᠢ ᠬᠤᠭᠤᠴᠠᠭ᠎ᠠ᠂ ᠮᠠᠨ ᠤ ᠣᠷᠣᠨ ᠤ ᠨᠥᠬᠦᠪᠥᠷᠢ ᠶᠢᠨ ᠲᠥᠷᠥ ᠶᠢᠨ | ᠪᠣᠳᠣᠯᠭ᠎ᠠ 2026 ᠣᠨ ᠤ ᠡᠴᠦᠰ ᠪᠣᠯᠲᠠᠯ᠎ᠠ ᠦᠷᠬᠦᠯᠵᠢᠯᠡᠵᠦ᠂ ᠰᠢᠨ᠎ᠡ ᠡᠨᠧᠷᠭᠢ ᠶᠢᠨ ᠴᠠᠭᠳᠠᠨ ᠶᠠᠪᠤᠬᠤ ᠲᠦᠷᠢᠶᠡᠰᠦᠨ ᠮᠠᠰᠢᠨ ᠲᠡᠷᠭᠡ ᠶᠢ ᠰᠣᠯᠢᠬᠤ | ᠰᠠᠨᠠᠭᠠᠴᠢᠯᠠᠭᠠᠲᠠᠢ ᠡᠵᠡᠩᠨᠡᠭᠴᠢ ᠠᠴᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠠᠩᠬᠠᠷᠤᠨ᠎ᠠ᠃ ᠬᠤᠶᠠᠷ ᠲᠤ᠂ ᠲᠥᠷᠥ ᠶᠢᠨ ᠪᠣᠳᠣᠯᠭ᠎ᠠ ᠶᠢᠨ ᠠᠵᠠ | ᠲᠣᠬᠢᠶᠠᠯ ᠢ ᠠᠮᠵᠢᠨ᠎ᠠ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠡᠵᠡᠩᠨᠡᠯᠲᠡ ᠶᠢᠨ ᠥᠪᠡᠷ ᠤᠨ ᠥᠷᠲᠡᠭ ᠪᠠ ᠲᠡᠷᠭᠡ ᠬᠥᠰᠬᠡ ᠶᠢᠨ ᠬᠤᠳᠠᠯᠳᠤᠬᠤ ᠦᠨ᠎ᠡ | ᠲᠠᠰᠤᠷᠠᠯᠲᠠ ᠥᠬᠡᠶ ᠪᠠᠭᠤᠷᠠᠵᠤ᠂ ᠮᠠᠨ ᠤ ᠣᠷᠣᠨ ᠤ ᠡᠯ᠎ᠡ ᠭᠠᠵᠠᠷ ᠤᠨ ᠴᠠᠬᠢᠯᠭᠠᠨ ᠴᠡᠨᠡᠭᠯᠡᠬᠦ ᠰᠣᠯᠢᠬᠤ ᠰᠠᠭᠤᠷᠢ ᠲᠥᠬᠦᠭᠡᠷᠦᠮᠵᠢ ᠲᠠᠰᠤᠷᠠᠯᠲᠠ ᠥᠬᠡᠶ | ᠲᠡᠭᠦᠯᠳᠡᠷᠵᠢᠵᠦ᠂ ᠮᠠᠰᠢ ᠣᠯᠠᠨ ᠭᠠᠵᠠᠷ ᠣᠷᠣᠨ ᠤ ᠲᠡᠷᠭᠡ ᠬᠥᠰᠬᠡ ᠶᠢᠨ ︽ᠴᠠᠬᠢᠯᠭᠠᠨ ᠴᠡᠨᠡᠭᠯᠡᠬᠦ ᠰᠣᠯᠢᠬᠤ ᠳᠤ ᠬᠦᠴᠢᠷ︾ ᠪᠠᠶᠢᠬᠤ ᠠᠰᠠᠭᠤᠳᠠᠯ ᠢ ᠪᠦᠲᠦᠮᠵᠢᠲᠡᠢ | ᠰᠢᠢᠳᠪᠦᠷᠢᠯᠡᠵᠦ᠂ ᠥᠷᠭᠡᠨ ᠣᠯᠠᠨ ᠡᠵᠡᠩᠨᠡᠭᠴᠢ ᠪᠠ ᠵᠢᠯᠣᠭᠤᠴᠢ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ᠂ ᠰᠢᠨ᠎ᠡ ᠡᠨᠧᠷᠭᠢ ᠶᠢᠨ ᠴᠠᠭᠳᠠᠨ | ᠶᠠᠪᠤᠬᠤ ᠲᠦᠷᠢᠶᠡᠰᠦᠨ ᠮᠠᠰᠢᠨ ᠲᠡᠷᠭᠡ ᠶᠢ ᠢᠳᠡᠪᠬᠢᠲᠡᠢ ᠪᠠᠷ ᠰᠣᠯᠢᠨ᠎ᠠ᠃ ᠭᠤᠷᠪᠠ ᠳᠤ᠂ ᠰᠢᠨ᠎ᠡ ᠡᠨᠧᠷᠭᠢ ᠶᠢᠨ ᠴᠠᠭᠳᠠᠨ ᠶᠠᠪᠤᠬᠤ ᠲᠦᠷᠢᠶᠡᠰᠦᠨ ᠮᠠᠰᠢᠨ ᠲᠡᠷᠭᠡ ᠶᠢ | ᠤᠷᠢᠳᠴᠢᠯᠡᠨ ᠰᠢᠨᠡᠳᠭᠡᠪᠡᠯ ᠳᠠᠬᠢᠨ 5000 ᠲᠥᠭᠦᠷᠢᠭ ᠣᠯᠬᠤ ᠪᠣᠯᠤᠨ᠎ᠠ᠂ ᠵᠢᠱᠢᠶᠡᠯᠡᠪᠡᠯ ᠲᠡᠷᠭᠡ ᠬᠥᠰᠬᠡ ᠶᠢᠨ ᠬᠡᠷᠡᠭᠯᠡᠭᠡᠨ ᠠᠴᠠ ᠭᠠᠷᠭᠠᠬᠤ ᠬᠤᠭᠤᠴᠠᠭᠠᠨ ᠠᠴᠠ | 1 ᠵᠢᠯ ᠠᠴᠠ ᠳᠡᠭᠡᠭᠰᠢ ᠤᠷᠢᠳᠴᠢᠯᠠᠨ ᠰᠢᠨ᠎ᠡ ᠡᠨᠧᠷᠭᠢ ᠶᠢᠨ ᠴᠠᠭᠳᠠᠨ ᠶᠠᠪᠤᠬᠤ ᠲᠦᠷᠢᠶᠡᠰᠦᠨ ᠮᠠᠰᠢᠨ ᠲᠡᠷᠭᠡ ᠶᠢ ᠰᠣᠯᠢᠪᠠᠯ᠂ ᠲᠡᠷᠭᠡ ᠪᠦᠷᠢ ᠳᠤ ᠳᠠᠬᠢᠨ 5000 | ᠲᠥᠭᠦᠷᠢᠭ ᠤᠨ ᠨᠥᠬᠦᠪᠥᠷᠢ ᠥᠭᠭᠦᠨ᠎ᠡ᠃ | 5. ᠰᠢᠨ᠎ᠡ ᠬᠠᠭᠤᠴᠢᠨ ᠲᠥᠷᠥ ᠶᠢᠨ ᠪᠣᠳᠣᠯᠭ᠎ᠠ ᠶᠢᠨ ᠵᠥᠷᠢᠶ᠎ᠡ᠄ ᠨᠢᠭᠡ ᠳᠤ᠂ ︽ᠨᠠᠷᠢᠨ ᠳᠦᠷᠢᠮ︾ ᠳᠤ ᠲᠡᠷᠭᠡ ᠬᠥᠰᠬᠡ ᠶᠢᠨ ᠭᠤᠷᠪᠠᠨ ᠡᠰᠢᠲᠦ ᠯᠢᠲ᠋ᠢ | ᠴᠠᠬᠢᠯᠭᠠᠨ ᠴᠡᠨᠡᠭ ᠤᠨ ᠱᠠᠭᠠᠷᠳᠠᠯᠭ᠎ᠠ ᠶᠢ ᠬᠠᠰᠤᠵᠤ᠂ ᠲᠡᠷᠭᠡᠨ ᠬᠡᠯᠪᠡᠷᠢ ᠶᠢᠨ ᠰᠣᠩᠭᠤᠵᠤ ᠪᠣᠯᠬᠤ ᠬᠡᠪᠴᠢᠶ᠎ᠡ ᠶᠢ ᠥᠷᠭᠡᠳᠬᠡᠪᠡ᠃ ᠬᠤᠶᠠᠷ ᠲᠤ᠂ ᠰᠢᠲᠠᠭᠠᠯᠭ᠎ᠠ ᠶᠢᠨ | ᠲᠣᠰᠣ ︵ᠬᠡᠢ︶ ᠶᠢᠨ ᠴᠠᠭᠳᠠᠨ ᠶᠠᠪᠤᠬᠤ ᠲᠦᠷᠢᠶᠡᠰᠦᠨ ᠮᠠᠰᠢᠨ ᠲᠡᠷᠭᠡ ᠨᠢ ᠤᠷᠢᠳᠴᠢᠯᠠᠨ ᠬᠡᠷᠡᠭᠯᠡᠭᠡᠨ ᠠᠴᠠ ᠭᠠᠷᠭᠠᠵᠤ ᠰᠢᠨ᠎ᠡ ᠡᠨᠧᠷᠭᠢ ᠶᠢᠨ ᠴᠠᠭᠳᠠᠨ ᠶᠠᠪᠤᠬᠤ | ᠲᠦᠷᠢᠶᠡᠰᠦᠨ ᠮᠠᠰᠢᠨ ᠲᠡᠷᠭᠡ ᠪᠣᠯᠭᠠᠨ ᠰᠢᠨᠠᠳᠭᠡᠬᠦ ᠶᠢ ᠵᠣᠷᠢᠭᠵᠢᠭᠤᠯᠪᠠ᠃ ᠭᠤᠷᠪᠠ ᠳᠤ᠂ ᠲᠦᠷᠢᠶᠡᠰᠦᠨ ᠮᠠᠰᠢᠨ ᠲᠡᠷᠭᠡᠨ ᠤ ᠲᠤᠰᠬᠠᠢ ᠬᠡᠷᠡᠭᠯᠡᠬᠦ ᠴᠠᠬᠢᠯᠭᠠᠨ | ᠴᠡᠨᠡᠭᠯᠡᠬᠦ ᠰᠣᠯᠢᠬᠤ ᠥᠷᠲᠡᠭᠡᠨ ᠤ ᠡᠵᠡᠩᠨᠡᠯᠲᠡ ᠶᠢᠨ ᠨᠥᠬᠦᠪᠥᠷᠢ ᠶᠢ ᠣᠨ ᠤ ᠰᠢᠯᠭᠠᠨ ᠬᠢᠨᠠᠬᠤ ᠲᠠᠢ ᠬᠤᠯᠪᠣᠭᠳᠠᠭᠤᠯᠵᠤ᠂ ᠰᠢᠯᠭᠠᠨ ᠬᠢᠨᠠᠬᠤ ᠳᠤ ᠴᠠᠬᠢᠯᠭᠠᠨ ᠴᠡᠨᠡᠭᠯᠡᠬᠦ | ᠰᠣᠯᠢᠬᠤ ᠥᠷᠲᠡᠭᠡ ᠶᠢᠨ ᠡᠵᠡᠩᠨᠡᠯᠲᠡ ᠶᠢᠨ ᠦᠷ᠎ᠡ ᠪᠦᠲᠦᠮᠵᠢ᠂ ᠦᠢᠯᠡᠴᠢᠯᠡᠭᠡᠨ ᠤ ᠬᠢᠷᠢ ᠲᠦᠪᠰᠢᠨ ᠵᠡᠷᠭᠡ ᠠᠭᠤᠯᠭ᠎ᠠ ᠶᠢ ᠪᠠᠭᠲᠠᠭᠠᠵᠤ᠂ ᠰᠢᠯᠭᠠᠨ ᠬᠢᠨᠠᠭᠰᠠᠨ ᠦᠷ᠎ᠡ | ᠳ᠋ᠦᠩ ᠨᠢ ᠰᠢᠯᠢᠳᠡᠭ᠂ ᠰᠠᠶᠢᠨ᠂ ᠬᠢᠷᠢ ᠲᠡᠩᠴᠡᠭᠰᠡᠨ ᠪᠠ ᠬᠢᠷᠢ ᠲᠡᠩᠴᠡᠭᠰᠡᠨ ᠦᠭᠡᠢ ᠳᠥᠷᠪᠡᠨ ᠳᠡᠰ ᠬᠤᠪᠢᠶᠠᠵᠤ᠂ ᠮᠠᠨ ᠤ ᠲᠢᠩᠬᠢᠮ ᠰᠢᠯᠭᠠᠨ ᠬᠢᠨᠠᠭᠰᠠᠨ ᠦᠷ᠎ᠡ | ᠳ᠋ᠦᠩ ᠤᠨ ᠶᠣᠰᠣᠭᠠᠷ ᠳᠡᠰ ᠬᠤᠪᠢᠶᠠᠨ ᠡᠵᠡᠩᠨᠡᠯᠲᠡ ᠶᠢᠨ ᠨᠥᠬᠦᠪᠥᠷᠢ ᠣᠯᠭᠤᠨ᠎ᠠ᠃ ᠳᠥᠷᠪᠡ ᠳᠤ᠂ ᠴᠠᠬᠢᠯᠭᠠᠨ ᠰᠣᠯᠢᠬᠤ ᠵᠢᠱᠢᠶ᠎ᠡ ᠦᠵᠡᠭᠦᠯᠬᠦ ᠲᠥᠷᠥᠯ ᠵᠦᠢᠯ ᠤᠨ | ᠬᠡᠰᠡᠭ ᠱᠠᠭᠠᠷᠳᠠᠯᠭ᠎ᠠ ᠳᠤ ᠲᠣᠬᠢᠷᠠᠭᠤᠯᠤᠯᠲᠠ ᠬᠢᠪᠠ᠃ ᠲᠠᠪᠤ ᠳᠤ᠂ ᠲᠦᠷᠢᠶᠡᠰᠦᠨ ᠮᠠᠰᠢᠨ ᠲᠡᠷᠭᠡᠨ ᠤ ᠲᠤᠰᠬᠠᠢ ᠬᠡᠷᠡᠭᠯᠡᠬᠦ ᠴᠠᠬᠢᠯᠭᠠᠨ ᠴᠡᠨᠡᠭᠯᠡᠬᠦ ᠰᠣᠯᠢᠬᠤ | ᠥᠷᠲᠡᠭᠡ ᠶᠢᠨ ᠰᠢᠯᠭᠠᠨ ᠬᠢᠨᠠᠬᠤ ᠪᠠᠷᠢᠮᠵᠢᠶ᠎ᠠ ᠶᠢ ᠨᠠᠷᠢᠨ ᠲᠣᠭᠲᠠᠭᠠᠪᠠ᠃ |