ᠵᠠᠯᠠᠨ ᠠᠶᠢᠯ ᠬᠤᠲᠠ ᠤᠬᠠᠭᠤᠯᠭ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/22
    4 ᠰᠠᠷ᠎ᠠ ᠶᠢᠨ 9 ᠤ ᠡᠳᠦᠷ᠂ ᠵᠠᠯᠠᠨ ᠠᠶᠢᠯ ᠬᠤᠲᠠ ᠤᠬᠠᠭᠤᠯᠭ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠯᠢᠦ ᠭᠦᠸᠧ ᠬᠤᠸᠠ᠂ ᠯᠢ ᠳ᠋ᠦᠩ ᠹᠠᠩ᠂ ᠲᠢᠶᠠᠨ ᠰᠢᠤᠢ ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ᠃ ᠡᠯ᠎ᠡ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠡ ᠶᠢᠨ ᠱᠦᠵᠢ᠂ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠭᠤᠣᠯ ᠬᠤᠷᠠᠯ ᠤᠨ ᠲᠠᠯᠠᠪᠠᠢ ᠶᠢᠨ ᠳᠤ ᠣᠷᠣᠯᠴᠠᠵᠤ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠡ‌‍ᠶᠢᠨ ᠱᠦᠵᠢ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃    ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠨᠥᠬᠦᠷ ᠤᠨ ᠪᠦᠬᠦ ᠬᠤᠳᠠ ᠶᠢᠨ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠤᠨ ᠠᠵᠢᠯ ᠤᠨ ᠲᠤᠬᠠᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠪᠠ᠃ ᠥᠩᠭᠡᠷᠡᠭᠰᠡᠨ ᠨᠢᠭᠡ ᠵᠢᠯ ᠤᠨ ᠪᠦᠬᠦ ᠬᠤᠳᠠ ᠶᠢᠨ ᠵᠣᠬᠢᠶᠠᠨ ᠪᠠᠶᠢᠭᠤᠯᠤᠯᠲᠠ ᠶᠢᠨ ᠠᠵᠢᠯᠳᠠᠨ ᠤ ᠶᠠᠪᠤᠳᠠᠯ᠂ ᠰᠤᠷᠲᠠᠯ ᠤᠬᠠᠭᠤᠯᠭ᠎ᠠ ᠦᠵᠡᠯ ᠰᠠᠨᠠᠭ᠎ᠠ᠂ ᠨᠢᠭᠡᠳᠦᠮᠡᠯ ᠹᠷᠣᠨᠲ ᠤᠨ ᠠᠵᠢᠯ ᠤᠨ ᠣᠯᠤᠭᠰᠠᠨ ᠭᠤᠣᠯ ᠠᠮᠵᠢᠯᠲᠠ ᠶᠢ ᠳ᠋ᠦᠩᠨᠡᠵᠦ᠂ 2024 ᠣᠨ ᠤ ᠠᠵᠢᠯ ᠤᠨ ᠡᠭᠦᠷᠭᠡ ᠶᠢ ᠨᠠᠷᠢᠨ ᠨᠢᠭᠲᠠ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠤᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠦᠳᠲᠡᠷ ᠲᠦᠷᠭᠡᠨ ᠤᠯᠠᠮᠵᠢᠯᠠᠨ ᠰᠤᠷᠤᠯᠴᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠪᠣᠯᠤᠨ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ ᠶᠢᠨ ᠪᠣᠳᠠᠲᠠᠶ ᠲᠣᠬᠢᠷᠠᠭᠤᠯᠤᠯᠲᠠ ᠳᠡᠭᠡᠷ᠎ᠡ ᠨᠢᠭᠡᠳᠬᠡᠵᠦ᠂ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠤᠨ ᠬᠢᠨ ᠲᠤᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ᠂ ᠨᠡᠩ ᠪᠦᠲᠦᠮᠵᠢᠲᠡᠢ ᠠᠷᠭ᠎ᠠ  ᠬᠡᠮᠵᠢᠶ᠎ᠡ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ᠂ ᠪᠠᠷᠢᠮᠵᠢᠶ᠎ᠠ ᠬᠦᠰᠦᠨᠦᠭᠲᠦ ᠶᠢ ᠬᠠᠷᠭᠤᠭᠤᠯᠬᠤ ᠶᠢ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠡᠯ᠎ᠡ ᠵᠦᠢᠯ ᠤᠨ ᠡᠭᠦᠷᠭᠡ ᠶᠢ   ᠨᠡᠶᠢᠲᠡᠪᠦᠷᠢᠵᠢᠭᠦᠯᠬᠦ ᠶᠢ ᠠᠬᠢᠭᠤᠯᠵᠤ᠂ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠴᠢᠨᠠᠷ ᠰᠠᠶᠢᠲᠠᠢ ᠬᠥᠭᠵᠢᠯᠲᠡ ᠶᠢᠨ ᠬᠡᠪ ᠳᠠᠭᠤᠷᠢᠶᠠᠯ ᠬᠤᠳᠠ ᠶᠢ ᠪᠦᠳᠦᠬᠡᠨ ᠪᠠᠶᠢᠭᠤᠯᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠰᠠᠭᠤᠷᠢ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠ ᠨᠢᠭᠡᠳᠦᠮᠡᠯ ᠹᠷᠣᠨᠲ ᠤᠨ ᠳᠡᠮᠵᠢᠯᠭᠡ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ