ᠵᠠᠯᠠᠨ ᠠᠶᠢᠯ ᠬᠤᠲᠠ ᠶᠢᠨ ᠤᠯᠤᠰ ᠲᠥᠷᠥ ᠶᠢᠨ ᠵᠥᠪᠯᠡᠯᠭᠡᠨ ︽ᠨᠠᠮ ᠤᠨ ᠠᠴᠢ ᠶᠢ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠰᠢᠨᠵᠢᠯᠡᠬᠦ ᠤᠬᠠᠭᠠᠨ ᠮᠡᠷᠭᠡᠵᠢᠯ ᠢ ᠬᠥᠳᠡᠭᠡ ᠬᠦᠷᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/22
    4 ᠰᠠᠷ᠎ᠠ ᠶᠢᠨ 12 ᠤᠨ ᠡᠳᠦᠷ᠂ ᠵᠠᠯᠠᠨ ᠠᠶᠢᠯ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠡᠲᠡᠭᠡᠳ ᠤᠨ ᠢᠯᠭᠠᠯ ᠤᠨ ᠳᠤᠭᠤᠶᠢᠯᠠᠩ ᠤᠨ ᠭᠡᠰᠢᠭᠦᠳ ᠵᠥᠩ ᠾᠧ ᠪᠠᠯᠭᠠᠰᠤᠨ ᠤ ᠵᠢᠶᠠ ᠽᠢ ᠱᠠᠨ ᠲᠣᠰᠬᠤᠨ ᠳᠤ ᠭᠦᠨᠵᠡᠭᠡᠶᠢᠷᠡᠨ ︽ᠨᠠᠮ ᠤᠨ ᠠᠴᠢ ᠶᠢ ᠲᠠᠯᠠᠷᠬᠠᠵᠤ ᠂ ᠨᠠᠮ ᠤᠨ ᠦᠭᠡ ᠶᠢ ᠰᠣᠨᠣᠰᠴᠤ᠂ ᠨᠠᠮ ᠢᠶᠠᠨ  ᠳᠠᠭᠠᠬᠤ︾ ᠰᠢᠨᠵᠢᠯᠡᠬᠦ ᠤᠬᠠᠭᠠᠨ ᠮᠡᠷᠭᠡᠵᠢᠯ ᠢ ᠬᠥᠳᠡᠭᠡ ᠬᠦᠷᠭᠡᠬᠦ ᠠᠵᠢᠯᠯᠠᠭ᠎ᠠ ᠥᠷᠨᠢᠭᠦᠯᠵᠦ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠷᠧᠨ ᠳ᠋ᠧ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠠᠵᠢᠯᠯᠠᠭ᠎ᠠ ᠳᠤ ᠣᠷᠣᠯᠴᠠᠵᠠᠶ᠃    ᠠᠵᠢᠯᠯᠠᠭ᠎ᠠ ᠶᠢᠨ ᠳᠤᠮᠳᠠ᠂ ᠳᠡᠳ᠋ ᠲᠡᠷᠢᠭᠦᠯᠡᠭᠴᠢ ᠯᠢᠦ ᠷᠧᠨ ᠳ᠋ᠧ ︽ᠨᠠᠮ ᠤᠨ ᠠᠴᠢ ᠶᠢ ᠲᠠᠯᠠᠷᠬᠠᠵᠤ ᠂ ᠨᠠᠮ ᠤᠨ ᠦᠭᠡ ᠶᠢ ᠰᠣᠨᠣᠰᠴᠤ᠂ ᠨᠠᠮ ᠢᠶᠠᠨ  ᠳᠠᠭᠠᠬᠤ︾ ᠭᠡᠬᠦ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠵᠦ᠂ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠵᠢᠴᠢ ᠤᠯᠤᠰ ᠲᠥᠷᠥ ᠶᠢᠨ ᠵᠥᠪᠯᠡᠯᠭᠡᠨ ᠤ ᠣᠶᠤᠨ ᠤ ᠬᠥᠮᠥᠷᠭᠡ ᠶᠢᠨ ᠭᠡᠰᠢᠭᠦᠳ ᠡᠷᠳᠡᠨᠢ ᠰᠢᠰᠢ ᠳᠠᠷᠢᠬᠤ ᠵᠢᠴᠢ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠤᠰᠬᠠᠶ ᠰᠡᠳᠦᠪᠲᠦ ᠲᠠᠶᠢᠯᠤᠮᠵᠢ ᠬᠢᠵᠦ᠂ ᠭᠡᠰᠢᠭᠦᠳ ᠳᠠᠷᠢᠬᠤ ᠡᠷᠦᠬᠡ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃    ᠵᠠᠯᠠᠨ ᠠᠶᠢᠯ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠡᠲᠡᠭᠡᠳ ᠤᠨ ᠢᠯᠭᠠᠯ ᠤᠨ ᠳᠤᠭᠤᠶᠢᠯᠠᠩ ᠲᠠᠷᠢᠮᠠᠯ ᠤᠨ ᠡᠷᠦᠬᠡ ᠶᠢᠨ ᠪᠣᠳᠠᠲᠠᠶ ᠬᠦᠴᠢᠷᠳᠡᠯ ᠠᠴᠠ ᠡᠭᠦᠰᠴᠦ᠂ ᠮᠡᠷᠭᠡᠵᠢᠯ ᠤᠨ ᠳᠡᠮᠵᠢᠯᠭᠡ ᠬᠠᠩᠭᠠᠵᠤ᠂ ᠰᠢᠨᠵᠢᠯᠡᠬᠦ ᠤᠬᠠᠭᠠᠨᠴᠢ ᠪᠠᠷ ᠬᠠᠪᠤᠷ ᠤᠨ ᠲᠠᠷᠢᠶᠠᠯᠠᠭ᠎ᠠ ᠳᠤ ᠪᠡᠯᠡᠳᠬᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ᠂ ᠣᠯᠠᠨ ᠲᠦᠮᠡᠨ ᠳᠤ ︽ᠰᠢᠨᠵᠢᠯᠡᠬᠦ ᠤᠬᠠᠭᠠᠨ ᠮᠡᠷᠭᠡᠵᠢᠯ ᠢ ᠬᠥᠳᠡᠭᠡ ᠪᠠᠭᠤᠯᠭᠠᠬᠤ︾ ᠠᠴᠠ ᠪᠣᠯᠤᠭᠰᠠᠨ ᠲᠥᠬᠦᠮ ᠪᠠ ᠬᠠᠯᠠᠭᠤᠨ ᠳᠤᠯᠠᠭᠠᠨ ᠢ ᠬᠦᠷᠲᠡᠭᠡᠵᠦ᠂ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠵᠡᠶ᠃ ᠲᠤᠰ ᠪᠡᠶ᠎ᠡ ᠶᠢᠨ ᠲᠤᠰᠬᠠᠢ ᠮᠡᠷᠭᠡᠵᠢᠯ ᠪᠣᠯᠤᠨ ᠡᠬᠢ ᠪᠠᠶᠠᠯᠢᠭ ᠤᠨ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠵᠤ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠡᠲᠡᠭᠡᠳ ᠤᠨ ᠢᠯᠭᠠᠯ ᠤᠨ ᠠᠵᠢᠯᠯᠠᠭ᠎ᠠ ᠶᠢ ᠨᠡᠩ ᠤᠯᠠᠨ ᠥᠷᠨᠢᠭᠦᠯᠵᠦ᠂ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ︽ᠨᠠᠮ ᠤᠨ ᠠᠴᠢ ᠶᠢ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠶᠢᠨ ᠣᠷᠣᠯᠴᠠᠭᠴᠢ᠂ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠨ᠎ᠠ ᠭᠡᠵᠦ ᠭᠡᠰᠢᠭᠦᠳ ᠢᠯᠡᠳᠬᠡᠵᠡᠭᠡᠪᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ