ᠵᠠᠯᠠᠨ ᠠᠶᠢᠯ ᠬᠤᠲᠠ ︽ᠭᠠᠯ ᠤᠨ ᠭᠠᠮᠰᠢᠭ ᠢ ᠤᠷᠢᠳᠴᠢᠯᠠᠨ ᠰᠡᠷᠭᠡᠶᠢᠯᠡᠵᠦ᠂ ᠠᠮᠢ ᠨᠠᠰᠤ ᠪᠠᠨ ᠨᠠᠨᠳᠢᠩᠨᠠᠨ ᠂ ᠤᠮᠠᠷᠠᠲᠤ ᠬᠢᠯᠢ ᠪᠠᠨ ᠬᠠᠮᠠᠭᠠᠯᠠᠬᠤ︾ ᠵᠢᠴᠢ ᠠᠷᠪᠠᠨ ᠬᠤᠶᠠᠳᠤᠭᠠᠷ ᠤᠳᠠᠭ᠎ᠠ ᠶᠢᠨ ︽ᠵᠠᠭᠤᠨ ᠲᠡᠷᠭᠡ ᠮᠢᠩᠭᠠᠨ ᠬᠥᠮᠦᠨ ᠲᠦᠮᠡᠨ ᠭᠠᠵᠠᠷ ᠤᠨ ᠠᠶᠠᠯᠠᠯ︾ ᠤᠨ ᠠᠮᠢ ᠠᠬᠤᠶ ᠶᠢᠨ ᠬᠠᠯᠬᠠᠪᠴᠢ ᠶᠢ ᠬᠠᠮᠠᠭᠠᠯᠠᠬᠤ ᠬᠠᠮᠲᠤᠷᠠᠭᠰᠠᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/22
    ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠠᠷᠠᠳ ᠤᠨ ᠭᠠᠯ ᠰᠡᠷᠭᠡᠶᠢᠯᠡᠬᠦ ᠤᠬᠠᠮᠰᠠᠷ ᠢ ᠴᠢᠩᠭᠠᠳᠬᠠᠨ᠂ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢᠨ ᠲᠥᠯᠥᠭᠡ᠂ 4 ᠰᠠᠷ᠎ᠠ ᠶᠢᠨ 16 ᠤ ᠡᠳᠦᠷ᠂ ᠵᠠᠯᠠᠨ ᠠᠶᠢᠯ ᠬᠤᠲᠠ ︽ᠭᠠᠯ ᠤᠨ ᠭᠠᠮᠰᠢᠭ ᠢ ᠤᠷᠢᠳᠴᠢᠯᠠᠨ ᠰᠡᠷᠭᠡᠶᠢᠯᠡᠵᠦ᠂ ᠠᠮᠢ ᠨᠠᠰᠤ ᠪᠠᠨ ᠨᠠᠨᠳᠢᠩᠨᠠᠨ ᠂ ᠤᠮᠠᠷᠠᠲᠤ ᠬᠢᠯᠢ ᠪᠠᠨ ᠬᠠᠮᠠᠭᠠᠯᠠᠬᠤ︾ ᠵᠢᠴᠢ ᠠᠷᠪᠠᠨ ᠬᠤᠶᠠᠳᠤᠭᠠᠷ ᠤᠳᠠᠭ᠎ᠠ ᠶᠢᠨ ︽ᠵᠠᠭᠤᠨ ᠲᠡᠷᠭᠡ ᠮᠢᠩᠭᠠᠨ ᠬᠥᠮᠦᠨ ᠲᠦᠮᠡᠨ ᠭᠠᠵᠠᠷ ᠤᠨ  ᠠᠶᠠᠯᠠᠯ︾ ᠠᠮᠢ ᠠᠬᠤᠶ ᠶᠢᠨ ᠬᠠᠯᠬᠠᠪᠴᠢ ᠶᠢ ᠬᠠᠮᠠᠭᠠᠯᠠᠬᠤ ᠬᠠᠮᠲᠤᠷᠠᠭᠰᠠᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠥᠷᠨᠢᠭᠦᠯᠵᠦ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠡᠤ ᠴᠧᠨ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠦ᠋ ᠴᠧᠨ ᠳ᠋ᠦᠩ᠂ ᠣᠳᠣᠬᠠᠨ ᠳᠤ᠂ ᠪᠦᠬᠦ ᠬᠤᠳᠠ ᠶᠢᠨ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠨᠢᠭᠡᠨᠲᠡ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠴᠠᠭ ᠠᠭᠤᠷ ᠪᠣᠯᠤᠨ ᠭᠠᠯ ᠤᠨ ᠡᠬᠢ ᠰᠤᠷᠪᠤᠯᠵᠢ ᠶᠢᠨ ᠬᠠᠮᠢᠶᠠᠷᠤᠯᠲᠠ ᠡᠵᠡᠮᠳᠡᠯ ᠢ ᠦᠷᠭᠦᠯᠵᠢᠯᠡᠨ ᠳᠡᠭᠡᠳᠦ ᠬᠡᠮᠵᠢᠶ᠎ᠡ ᠪᠠᠷ ᠠᠩᠬᠠᠷᠴᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠶᠢ ᠴᠢᠩᠭᠠᠳᠬᠠᠵᠤ᠂ ᠵᠢᠵᠢᠭᠦᠷᠯᠡᠨ ᠰᠠᠬᠢᠬᠤ ᠶᠢ ᠴᠢᠩᠳᠠᠯᠠᠵᠤ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢ ᠲᠡᠭᠦᠯᠳᠡᠷᠵᠢᠭᠦᠯᠦᠨ᠂ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ︽ᠡᠷᠲᠡ ᠢᠯᠡᠷᠡᠭᠦᠯᠬᠦ᠂ ᠲᠦᠷᠭᠡᠨ ᠬᠥᠳᠡᠯᠬᠦ᠂ ᠶᠡᠭᠡ ᠴᠡᠷᠢᠭ ᠣᠷᠣᠭᠤᠯᠬᠤ᠂ ᠲᠣᠰ ᠡᠳᠦᠷ ᠲᠤ ᠤᠰᠠᠳᠬᠠᠬᠤ︾ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠬᠥᠮᠦᠨ ᠬᠦᠨᠳᠦ ᠣᠨᠴᠠ ᠶᠡᠭᠡ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠭᠠᠬᠤ ᠥᠬᠡᠶ᠂ ᠬᠥᠮᠦᠨ ᠬᠠᠷ᠎ᠠ ᠥᠭᠦᠵᠦ ᠰᠢᠷᠬᠠᠲᠤᠭᠰᠠᠨ ᠠᠳᠡᠯ ᠭᠠᠷᠭᠠᠬᠤ ᠥᠬᠡᠶ ᠪᠠᠶᠢᠬᠤ ᠪᠠᠷ ᠬᠦᠴᠦᠯᠡᠨ ᠴᠢᠷᠮᠠᠶᠢᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠬᠥᠨᠥᠭᠡᠭᠳᠡᠬᠦ ᠨᠣᠷᠮ᠎ᠠ ᠶᠢ ᠪᠠᠭᠤᠷᠠᠭᠤᠯᠤᠨ᠂ 2024 ᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠪᠡᠷᠬᠡ ᠰᠡᠳᠦᠪ ᠢ ᠰᠢᠢᠳᠪᠦᠷᠢᠯᠡᠬᠦ ᠲᠡᠶᠢᠨ ᠤ ᠢᠯᠠᠯᠲᠠ ᠶᠢ ᠪᠥᠬᠦ ᠬᠦᠴᠦᠨ ᠢᠶᠠᠷ ᠢᠶᠠᠨ ᠲᠡᠮᠡᠴᠡᠨ ᠤᠯᠬᠤ ᠬᠡᠷᠡᠭᠲᠡᠶ᠃    ᠵᠠᠯᠠᠨ ᠠᠶᠢᠯ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠬᠠᠮᠲᠤᠷᠠᠨ ᠪᠠᠴᠢᠮ ᠪᠠᠶᠢᠳᠠᠯ ᠢ ᠠᠷᠭᠠᠴᠠᠬᠤ᠂ ᠳᠣᠲᠣᠭᠠᠳᠤ ᠶᠢ ᠬᠠᠮᠠᠭᠠᠯᠠᠬᠤ᠂ ᠣᠶ ᠰᠢᠭᠤᠶ ᠡᠪᠡᠰᠦ ᠪᠡᠯᠴᠢᠭᠡᠷ᠂ ᠴᠠᠭ ᠠᠭᠤᠷ᠂ ᠣᠶ ᠰᠢᠭᠤᠶ ᠶᠢᠨ ᠭᠠᠯ ᠰᠡᠷᠭᠡᠶᠢᠯᠡᠨ ᠤᠨᠲᠠᠷᠠᠭᠠᠬᠤ ᠪᠠ ᠵᠡᠪᠰᠡᠭᠲᠦ ᠬᠦᠴᠦᠨ ᠤ ᠬᠡᠯᠲᠡᠰ ᠵᠡᠷᠭᠡ ᠣᠯᠠᠨ ᠰᠠᠯᠠᠭ᠎ᠠ ᠮᠥᠴᠢᠷ ᠠᠵᠢᠯᠯᠠᠭ᠎ᠠ ᠳᠤ ᠣᠷᠣᠯᠴᠠᠵᠠᠶ᠃ ᠨᠡᠶᠢᠲᠡ 460 ᠭᠠᠷᠤᠶ ᠬᠥᠮᠦᠨ᠂ 73 ᠲᠡᠷᠭᠡ ᠬᠥᠳᠡᠯᠭᠡᠵᠦ᠂ 84 ᠵᠤᠷᠪᠤᠰ ᠡᠯᠭᠦᠭᠡ ᠪᠢᠴᠢᠭᠡᠰᠦ ᠡᠯᠭᠦᠵᠦ᠂ 20000 ᠭᠠᠷᠤᠶ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ 4.16 ᠤ ᠤᠬᠠᠭᠤᠯᠭ᠎ᠠ ᠶᠢᠨ ᠣᠬᠤᠷ ᠮᠡᠳᠡᠭᠡ ᠶᠢ 11 ᠲᠦᠮᠡᠨ ᠵᠤᠷᠪᠤᠰ ᠬᠦᠷᠭᠡᠵᠡᠶ᠃ 
1.jpg
2.jpg
ᠢᠷᠡᠯᠲᠡ᠄ ᠵᠠᠯᠡᠨ ᠠᠢᠯ ᠬᠤᠳᠠ ᠶᠢᠨ ᠵᠠᠰᠠᠭ ᠤᠨ ᠤᠷᠳᠤᠨ