ᠴᠢᠩᠭᠢᠰ ᠬᠠᠭᠠᠨ ᠪᠠᠯᠭᠠᠰᠤᠨ ᠳᠤ ᠮᠠᠯ ᠠᠵᠤ ᠠᠬᠤᠶ ᠶᠢᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠡᠷᠭᠢᠯᠡᠪᠡ
ᠨᠡᠶᠢᠲᠡᠯᠡᠭᠰᠡᠨ ᠴᠠᠭ᠄
2024/4/22
    ᠣᠳᠣᠬᠢᠴᠢᠯᠠᠭᠰᠠᠨ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠮᠡᠷᠭᠡᠵᠢᠯ ᠢ ᠳᠡᠯᠭᠡᠷᠡᠭᠦᠯᠦᠨ ᠲᠦᠭᠡᠮᠡᠯᠵᠢᠭᠦᠯᠵᠦ᠂ ᠴᠢᠩᠭᠢᠰ ᠬᠠᠭᠠᠨ ᠪᠠᠯᠭᠠᠰᠤᠨ ᠤ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠥᠷᠭᠡᠨ ᠣᠯᠠᠨ ᠲᠡᠵᠢᠭᠡᠨ ᠦᠷᠡᠵᠢᠭᠦᠯᠬᠦ ᠡᠷᠦᠬᠡ ᠶᠢᠨ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠬᠦ ᠶᠢᠨ ᠲᠥᠯᠥᠭᠡ᠂ 2024 ᠣᠨ ᠤ 4 ᠰᠠᠷ᠎ᠠ ᠶᠢᠨ 18 ᠤ ᠡᠳᠦᠷ᠂ ᠴᠢᠩᠭᠢᠰ ᠬᠠᠭᠠᠨ ᠪᠠᠯᠭᠠᠰᠤ ᠵᠠᠯᠠᠨ ᠠᠶᠢᠯ ᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠯᠧᠺᠲ᠋ᠣᠷ ᠸᠠᠩ ᠰᠢᠶᠠᠨ ᠹᠤᠩ ᠢ ᠤᠷᠢᠵᠤ᠂ ᠰᠦᠯᠵᠢᠶᠡᠨ ᠳᠡᠭᠡᠷᠡᠬᠢ ᠡᠭᠦᠯᠡᠨ ᠬᠢᠴᠢᠶᠡᠯ ᠤᠨ ᠲᠠᠩᠬᠢᠮ ᠤᠨ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠪᠣᠯᠪᠠᠰᠤᠷᠠᠭᠤᠯᠤᠯ ᠢ ᠥᠷᠨᠢᠭᠦᠯᠪᠡ᠃ ᠲᠣᠰ ᠤᠳᠠᠭᠠᠨ ᠤ ᠪᠣᠯᠪᠠᠰᠤᠷᠠᠭᠤᠯᠤᠯ ᠳᠤ ᠨᠡᠶᠢᠲᠡ 72 ᠲᠡᠵᠢᠭᠡᠨ ᠦᠷᠡᠵᠢᠭᠦᠯᠬᠦ ᠲᠣᠮᠣ ᠡᠷᠦᠬᠡ ᠪᠣᠯᠪᠠᠰᠤᠷᠠᠭᠤᠯᠤᠯ ᠳᠤ ᠣᠷᠣᠯᠴᠠᠵᠠᠶ᠃    ᠲᠣᠰ ᠤᠳᠠᠭᠠᠨ ᠤ ᠪᠣᠯᠪᠠᠰᠤᠷᠠᠭᠤᠯᠤᠯ ᠳᠤ ︽ᠰᠦᠯᠵᠢᠶᠡᠨ ᠳᠡᠭᠡᠷ᠎ᠡ ᠬᠢᠴᠢᠶᠡᠯ ᠵᠢᠭᠠᠬᠤ + ᠮᠠᠳᠠᠭ ᠲᠠᠢ ᠠᠰᠠᠭᠤᠳᠠᠯ ᠢ ᠲᠠᠶᠢᠯᠬᠤ︾ ᠠᠷᠭ᠎ᠠ ᠮᠠᠶ᠋ᠢᠭ ᠢ ᠬᠡᠷᠡᠭᠯᠡᠨ᠎ᠡ᠃ ᠴᠢᠩᠭᠢᠰ ᠬᠠᠭᠠᠨ ᠪᠠᠯᠭᠠᠰᠤᠨ ᠤ ᠲᠡᠵᠢᠭᠡᠨ ᠦᠷᠡᠵᠢᠭᠦᠯᠬᠦ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠭᠦᠯᠳᠡᠷ ᠰᠠᠶᠢᠵᠢᠷᠠᠭᠤᠯᠬᠤ᠂ ᠦᠬᠡᠷ ᠬᠤᠨᠢ ᠪᠣᠷᠳᠣᠬᠤ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠵᠡᠷᠭᠡ ᠲᠠᠯ᠎ᠠ ᠪᠠᠷ ᠲᠣᠰᠬᠤᠨ ᠤ ᠠᠷᠠᠳ ᠲᠤ ᠲᠣᠰ ᠲᠣᠰ ᠬᠡᠷᠡᠭᠯᠡᠭᠡᠨ ᠤ ᠲᠡᠵᠢᠭᠡᠨ ᠦᠷᠡᠵᠢᠭᠦᠯᠬᠦ ᠮᠡᠷᠭᠡᠵᠢᠯ ᠤᠨ ᠲᠠᠯ᠎ᠠ ᠶᠢᠨ ᠲᠤᠰᠬᠠᠶ ᠮᠡᠷᠭᠡᠵᠢᠯ ᠤᠨ ᠮᠡᠳᠡᠯᠭᠡ ᠶᠢ ᠲᠠᠶᠢᠯᠪᠤᠷᠢᠯᠠᠨ ᠥᠭᠴᠦ᠂ ᠪᠣᠳᠠᠲᠠᠶ ᠦᠢᠯᠡᠳᠪᠦᠷᠢᠯᠡᠯ ᠤᠨ ᠶᠠᠪᠤᠴᠠ ᠳᠤ ᠲᠤᠯᠭᠠᠷᠠᠭᠰᠠᠨ ᠬᠦᠴᠢᠷ ᠲᠦᠪᠡᠭᠲᠡᠶ ᠠᠰᠠᠭᠤᠳᠠᠯ ᠢ ᠭᠦᠨᠵᠡᠭᠡᠶ ᠪᠥᠭᠡᠳ ᠣᠶᠢᠯᠠᠭᠠᠮᠵᠢᠲᠠᠶ ᠵᠠᠳᠠᠯᠤᠨ ᠰᠢᠨᠵᠢᠯᠡᠬᠦ ᠳᠤ ᠵᠢᠯᠣᠭᠤᠳᠬᠤ ᠴᠢᠨᠠᠷ ᠲᠠᠢ ᠮᠥᠷᠲᠡᠭᠡᠨ ᠬᠠᠨᠳᠤᠯᠭᠠᠲᠤ ᠴᠢᠨᠠᠷ ᠲᠠᠢ ᠪᠠᠶᠢᠳᠠᠭ᠃ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠥᠭᠵᠢᠶᠡᠨᠲᠡᠢ ᠪᠥᠭᠡᠳ ᠡᠮᠬᠢ ᠳᠢᠭᠯᠢᠮ ᠲᠠᠢ ᠪᠠᠶᠢᠵᠤ᠂ ᠲᠣᠰᠬᠤᠨ ᠤ ᠠᠷᠠᠳ ᠲᠤᠰ ᠤᠳᠠᠭ᠎ᠠ ᠶᠢᠨ ᠪᠣᠯᠪᠠᠰᠤᠷᠠᠯ ᠳᠤ ᠣᠯᠤᠯᠲᠠ ᠶᠡᠭᠡ ᠪᠠᠶᠢᠨ᠎ᠠ ᠭᠡᠵᠦ ᠢᠯᠡᠳᠬᠡᠵᠡᠭᠡᠪᠡ᠃    ᠲᠠᠷᠠᠭᠠᠴᠢ ᠶᠢᠨ ᠠᠯᠬᠤᠮ ᠳᠤ᠂ ᠴᠢᠩᠭᠢᠰ ᠬᠠᠭᠠᠨ ᠪᠠᠯᠭᠠᠰᠤᠨ ᠤ ᠪᠠᠶᠢᠳᠠᠯ ᠲᠠᠢ ᠤᠶᠠᠯᠳᠤᠭᠤᠯᠤᠨ᠂ ᠲᠣᠰᠬᠤᠨ ᠤ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠮᠠᠯ ᠠᠵᠤ ᠠᠬᠤᠶ ᠶᠢᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠪᠠᠯᠭᠠᠰᠤᠨ ᠤ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢ ᠠᠬᠢᠭᠤᠯᠤᠨ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ