ᠰᠠᠮᠠᠬᠢᠷ ᠡᠸᠡᠩᠬᠢ ᠦᠨᠳᠦᠰᠦᠲᠡᠨ ᠤ ᠰᠢᠶᠠᠩ ︽ᠳᠥᠷᠪᠡᠨ ᠰᠠᠮᠠᠭᠤᠨ ᠢ ᠠᠷᠢᠯᠭᠠᠬᠤ︾ ᠲᠤᠰᠬᠠᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/22
    ᠭᠤᠣᠯ ᠤᠨ ᠵᠠᠮ ᠤᠨ ︽ᠳᠥᠷᠪᠡᠨ ᠳᠤᠷ᠎ᠠ ᠪᠠᠷ ᠢᠶᠠᠨ︾ ᠤ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ ᠂ ︽ᠤᠰᠤ ᠨᠢ ᠲᠤᠩᠭᠠᠯᠠᠭ᠂ ᠭᠤᠤᠯ ᠨᠢ ᠰᠢᠯᠤᠭᠤᠨ᠂ ᠡᠷᠭᠢ ᠨᠢ ᠨᠣᠭᠤᠭᠠᠨ᠂ ᠦᠵᠡᠮᠵᠢ ᠨᠢ ᠭᠤᠶᠣ︾ ᠪᠠᠶᠢᠬᠤ ᠶᠡᠷᠦᠩᠬᠡᠶ ᠬᠠᠷᠠᠯᠲᠠ ᠶᠢ ᠪᠡᠶᠡᠯᠡᠭᠦᠯᠵᠦ᠂ ᠣᠶᠢᠷ᠎ᠠ ᠶᠢᠨ ᠡᠳᠦᠷ ᠤᠳ ᠲᠤ  ᠰᠠᠮᠠᠬᠢᠷ ᠡᠸᠡᠩᠬᠢ ᠦᠨᠳᠦᠰᠦᠲᠡᠨ ᠤ ᠰᠢᠶᠠᠩ ᠤᠨ ᠬᠢᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠴᠡᠪᠡᠷᠯᠡᠬᠦ︾ ᠠᠵᠢᠯ ᠢ ᠬᠠᠷᠢᠯᠴᠠᠨ ᠤᠶᠠᠯᠳᠤᠭᠤᠯᠵᠤ᠂ ᠭᠤᠤᠯ ᠤᠨ ᠳᠠᠷᠤᠭ᠎ᠠ ᠶᠢᠨ ᠲᠦᠷᠢᠮ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠢᠳᠡᠪᠬᠢᠲᠡᠶ ᠵᠣᠬᠢᠶᠠᠨ ᠪᠠᠶᠢᠭᠤᠯᠵᠤ᠂ ᠭᠤᠤᠯᠳᠠᠯᠭ᠎ᠠ ᠲᠠᠢ ᠣᠷᠣᠨ ᠪᠠᠶᠢᠷᠢ ᠶᠢ ᠬᠠᠷᠠᠭᠠᠯᠠᠨ᠂ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠵᠢᠴᠢ ᠭᠤᠤᠯ ᠤᠨ ᠵᠠᠮ ᠤᠨ ︽ᠳᠥᠷᠪᠡᠨ   ᠰᠠᠮᠠᠭᠤᠨ ᠢ ᠠᠷᠢᠯᠭᠠᠬᠤ︾ ᠠᠵᠢᠯ ᠢ ᠦᠷᠭᠦᠯᠵᠢᠯᠡᠨ ᠥᠷᠨᠢᠭᠦᠯᠪᠡ᠃    ᠰᠢᠶᠠᠩ᠂ ᠲᠣᠰᠬᠤᠨ ᠬᠤᠶᠠᠷ ᠱᠠᠲᠤᠨ ᠤ ᠭᠤᠤᠯ ᠤᠨ ᠳᠠᠷᠤᠭ᠎ᠠ ︽ᠭᠤᠤᠯ ᠤᠨ ᠳᠠᠷᠤᠭ᠎ᠠ ᠶᠢᠨ ᠲᠦᠷᠢᠮ︾ ᠤᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯ ᠴᠠᠭᠳᠠᠬᠤ APP ᠶᠢ ᠬᠡᠷᠡᠭᠯᠡᠨ ᠭᠤᠤᠯ ᠴᠠᠭᠳᠠᠬᠤ ᠠᠵᠢᠯ ᠢ ᠥᠷᠨᠢᠭᠦᠯᠵᠦ᠂ ᠭᠤᠤᠯ ᠨᠠᠭᠤᠷ ᠤᠨ ᠠᠰᠠᠭᠤᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠶᠢᠨ ᠬᠠᠮᠲᠤ ᠡᠯ᠎ᠡ ᠲᠣᠰᠬᠤᠨ ᠢ ᠵᠣᠬᠢᠶᠠᠨ ᠪᠠᠶᠢᠭᠤᠯᠤᠨ ᠬᠠᠷᠢᠶ᠎ᠠ ᠣᠷᠣᠨ ᠤ ᠶᠣᠰᠣᠭᠠᠷ ᠭᠤᠤᠯ ᠤᠨ ᠬᠡᠰᠡᠭ ᠢ ᠬᠤᠪᠢᠶᠠᠨ ᠳᠠᠭᠠᠭᠠᠴᠢᠯᠠᠭᠤᠯᠵᠤ᠂ ᠨᠠᠮ ᠤᠨ ᠭᠡᠰᠢᠭᠦᠨ ᠺᠠᠳ᠋ᠷ ᠵᠢᠴᠢ ᠥᠷᠭᠡᠨ ᠣᠯᠠᠨ ᠲᠦᠮᠡᠨ ᠢ ᠢᠳᠡᠪᠬᠢᠲᠡᠶ ᠳᠠᠶᠢᠴᠢᠯᠠᠨ ᠬᠠᠮᠲᠤ ᠪᠠᠷ ᠣᠷᠣᠯᠴᠠᠭᠤᠯᠵᠤ᠂ ᠭᠤᠤᠯ ᠤᠨ ᠵᠠᠮ ᠤᠨ ᠬᠤᠭ ᠨᠣᠪᠰᠢ᠂ ᠭᠤᠤᠯ ᠤᠨ ᠬᠥᠪᠡᠭᠡᠨ ᠤ ᠡᠯᠳᠡᠪ ᠪᠣᠳᠠᠰ ᠢ ᠲᠦᠢᠯᠪᠤᠷᠢᠲᠠᠶ ᠪᠥᠬᠦ ᠲᠠᠯ᠎ᠠ ᠪᠠᠷ‌‍ᠴᠡᠪᠡᠷᠯᠡᠵᠦ ᠴᠡᠭᠴᠡᠯᠡᠨ ᠵᠠᠰᠠᠪᠠ᠃ ᠸᠢᠴᠠᠲ᠂ ᠷᠠᠳᠢᠣ᠋ ᠨᠡᠪᠲᠡᠷᠡᠭᠦᠯᠭᠡ᠂ ᠡᠷᠦᠬᠡ ᠳᠤ ᠣᠷᠣᠬᠤ᠂ ᠲᠣᠰᠬᠤᠨ ᠤ ᠠᠷᠠᠳ ᠤᠨ ᠶᠡᠭᠡ ᠬᠤᠷᠠᠯ ᠵᠡᠷᠭᠡ ᠡᠯ᠎ᠡ  ᠵᠦᠢᠯ ‍ᠦᠨ‌ᠠᠷᠭ᠎ᠠ ᠵᠠᠮ ᠢ ᠠᠰᠢᠭᠯᠠᠨ ᠭᠦᠨᠵᠡᠭᠡᠶ ᠪᠥᠭᠡᠳ ᠥᠷᠭᠡᠨ ᠢᠶᠠᠷ ᠤᠬᠠᠭᠤᠯᠵᠤ ᠂ ᠥᠷᠭᠡᠨ ᠣᠯᠠᠨ ᠲᠦᠮᠡᠨ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠢᠭᠡᠳ ᠬᠠᠮᠠᠭᠠᠯᠠᠯᠲᠠ ᠶᠢ ᠠᠩᠬᠠᠷᠴᠤ᠂ ᠳᠡᠮᠵᠢᠵᠦ᠂ ᠣᠷᠣᠯᠴᠠᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠬᠦ  ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠭᠤᠤᠯ ᠤᠨ ᠵᠠᠮ ᠤᠨ ︽ᠳᠥᠷᠪᠡᠨ ᠰᠠᠮᠠᠭᠤᠨ ᠢ ᠠᠷᠢᠯᠭᠠᠬᠤ︾ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠵᠤ ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ᠂ ᠪᠠᠶᠢᠩᠭᠤ ᠠᠳᠬᠤᠨ ᠪᠠᠶᠢᠩᠭᠤ ᠰᠢᠨ᠎ᠡ ᠶᠢ ᠡᠭᠦᠳᠬᠦ ᠬᠡᠷᠡᠭᠲᠡᠶ᠃    ᠳᠠᠷᠠᠭᠠᠴᠢ ᠶᠢᠨ ᠠᠯᠬᠤᠮ ᠳᠤ᠂  ᠰᠠᠮᠠᠬᠢᠷ ᠡᠸᠡᠩᠬᠢ ᠦᠨᠳᠦᠰᠦᠲᠡᠨ ᠤ ᠰᠢᠶᠠᠩ ᠤᠨ ᠬᠢᠨ ᠭᠤᠣᠯ ᠤᠨ ᠵᠠᠮ ᠢ ᠲᠣᠭᠤᠷᠢᠨ ᠪᠠᠶᠢᠴᠠᠭᠠᠬᠤ ᠵᠢᠴᠢ ᠭᠤᠣᠯ ᠤᠨ ᠵᠠᠮ ᠢ ᠴᠡᠪᠡᠷᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ  ᠬᠡᠮᠵᠢᠶ᠎ᠡ᠂ ᠨᠡᠩ ᠶᠡᠭᠡ ᠡᠷᠴᠢᠮ ᠢᠶᠠᠷ ᠭᠤᠣᠯ ᠮᠥᠷᠡᠨ ᠨᠠᠭᠤᠷ ᠴᠥᠭᠦᠷᠥᠮ ᠢ ᠵᠠᠰᠠᠬᠤ ᠠᠵᠢᠯ ᠢ ᠪᠠᠶᠢᠩᠭᠤᠵᠢᠭᠤᠯᠤᠨ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ᠂ ᠪᠦᠬᠦ ᠠᠷᠠᠳ ᠢᠶᠠᠷ ᠢᠶᠠᠨ ᠬᠠᠮᠲᠤᠪᠠᠷ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠠᠮᠤᠷ ᠲᠦᠪᠰᠢᠨ᠂ ᠲᠠᠭᠠᠯᠠᠮᠵᠢᠲᠠᠢ᠂ ᠦᠵᠡᠰᠬᠦᠯᠡᠩᠲᠦ ᠰᠠᠶᠢᠬᠠᠨ ᠭᠡᠷ ᠣᠷᠣᠨ ᠢ ᠪᠦᠬᠦ ᠬᠦᠴᠦᠨ ᠢᠶᠠᠷ ᠢᠶᠠᠨ ᠪᠦᠳᠦᠭᠡᠨ ᠪᠠᠶᠢᠭᠤᠯᠤᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ