ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ︽ᠪᠥᠬᠦ ᠨᠠᠮ ᠤᠨ ᠬᠡᠪᠴᠢᠶᠡᠨ ᠳᠤ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠳ ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠨᠠᠮ ᠤᠨ | ᠲᠥᠪ ᠬᠤᠷᠢᠶ᠎ᠠ ᠪᠠᠷ ᠵᠥᠪᠰᠢᠶᠡᠷᠡᠭᠦᠯᠦᠭᠡᠳ᠂ 2024 ᠣᠨ ᠤ 4 ᠳ᠋ᠦ᠋ᠭᠡᠷ ᠰᠠᠷ᠎ᠠ ᠠᠴᠠ 7 ᠳ᠋ᠤᠭᠠᠷ ᠰᠠᠷ᠎ᠠ ᠪᠣᠯᠲᠠᠯ᠎ᠠ᠂ ᠪᠥᠬᠦ ᠨᠠᠮ ᠤᠨ ᠬᠡᠪᠴᠢᠶᠡᠨ ᠳᠤ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠦᠨ᠎ᠡ ᠭᠡᠵᠦ ᠵᠢᠭᠠᠨ ᠭᠠᠷᠭᠠᠪᠠ᠃ ᠲᠤᠰ ᠤᠳᠠᠭᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠪᠣᠯ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ | ᠬᠥᠭᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ | ︽ ᠰᠠᠬᠢᠯᠭ᠎ᠠ ᠪᠠᠲᠤᠴᠢ ᠴᠢᠨᠠᠷ ᠢ ᠴᠢᠩᠭᠠᠳᠬᠠᠪᠠᠯ ᠬᠤᠪᠢᠰᠬᠠᠯ ᠢᠯᠠᠭᠳᠠᠬᠤ ᠭᠡᠵᠦ ᠪᠠᠶᠢᠬᠤ ᠦᠭᠡᠢ ᠶᠤᠮ ᠃ ︾ ᠰᠠᠬᠢᠯᠭ᠎ᠠ ᠪᠠᠲᠤ ᠴᠢᠩᠭ᠎ᠠ ᠪᠠᠶᠢᠬᠤ ᠪᠣᠯ ᠨᠠᠮ ᠤᠨ | ᠢᠷᠠᠭᠤ ᠠᠯᠳᠠᠷᠲᠤ ᠤᠯᠠᠮᠵᠢᠯᠠᠯ ᠮᠥᠷᠲᠡᠭᠡᠨ ᠥᠪᠡᠷᠮᠢᠴᠡ ᠳᠠᠪᠠᠭᠤᠯᠢᠭ ᠮᠥᠨ ᠃ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠡᠷᠬᠢᠮ ᠳᠡᠭᠡᠳᠦ ᠡᠭᠦᠷᠭᠡ ᠶᠢ ᠡᠭᠦᠷᠭᠡᠯᠡᠵᠦ ᠪᠠᠶᠢᠬᠤ ᠪᠥᠭᠡᠳ | ᠤᠷᠤᠭᠰᠢᠯᠠᠯᠲᠠ ᠶᠢᠨ ᠵᠠᠮ ᠳᠤ ᠬᠦᠨᠳᠦ ᠶᠡᠭᠡ ᠥᠷᠢᠰᠦᠯᠳᠦᠭᠡᠨ ᠨᠦᠭᠦᠳ ᠲᠤᠯᠭᠠᠷᠠᠭᠰᠠᠭᠠᠷ ᠪᠤᠢ᠃ ᠨᠠᠮ ᠳᠤ ᠲᠤᠯᠭᠠᠷᠠᠵᠤ ᠪᠠᠶᠢᠭ᠎ᠠ ᠪᠠᠶᠢᠳᠠᠯ ᠨᠡᠩ ᠪᠤᠳᠤᠯᠢᠶᠠᠨᠲᠠᠢ | ᠪᠣᠯᠬᠤ ᠲᠤᠳᠤᠮ ᠡᠭᠦᠷᠭᠡᠯᠡᠵᠦ ᠪᠠᠶᠢᠭ᠎ᠠ ᠡᠭᠦᠷᠭᠡ ᠨᠡᠩ ᠬᠦᠨᠳᠦ ᠬᠡᠴᠡᠭᠦᠦ ᠪᠣᠯᠣᠨ᠎ᠠ᠂ ᠡᠭᠦᠷᠭᠡᠯᠡᠵᠦ ᠪᠠᠶᠢᠭ᠎ᠠ ᠡᠭᠦᠷᠭᠡ ᠨᠡᠩ ᠬᠦᠨᠳᠦ ᠬᠡᠴᠡᠭᠦᠦ ᠪᠣᠯᠬᠤ ᠲᠤᠲᠤᠮ | ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠨᠡᠩ ᠴᠢᠩᠭᠠᠳᠬᠠᠨ᠂ ᠨᠠᠮ ᠤᠨ ᠪᠦᠯᠬᠦᠮᠳᠡᠯ ᠢ ᠨᠡᠩ ᠬᠠᠮᠠᠭᠠᠯᠠᠵᠤ ᠂ ᠪᠦᠬᠦ ᠨᠠᠮ ᠢᠶᠠᠷ ᠢᠶᠠᠨ ᠠᠯᠬᠤᠮ ᠨᠢᠭᠡᠲᠡᠢ | ᠤᠷᠤᠭᠰᠢᠯᠠᠬᠤ ᠶᠢ ᠯᠠᠪᠲᠠᠶᠢᠶ᠎ᠠ ᠪᠠᠲᠤᠯᠠᠬᠤ ᠬᠡᠷᠡᠭᠲᠡᠢ ᠃ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠪᠠ ᠨᠠᠮ ᠤᠨ | ᠰᠠᠬᠢᠯᠭ᠎ᠠ ᠪᠠᠲᠤ ᠶᠢ ᠤᠮᠳᠤᠭᠠᠶᠢᠯᠠᠭᠰᠠᠨ ᠂ ᠵᠥᠷᠢᠴᠡᠭᠰᠡᠨ ᠠᠰᠠᠭᠤᠳᠠᠯ ᠤᠨ ᠬᠤᠣᠷ ᠨᠥᠯᠥᠭᠡᠲᠦ ᠴᠢᠨᠠᠷ ᠤᠨ ᠲᠤᠬᠠᠢ ᠲᠠᠨᠢᠯᠲᠠ ᠪᠠᠨ ᠴᠢᠨᠠᠭᠰᠢᠳᠠ ᠤᠯᠠᠮ | ᠭᠦᠨᠵᠡᠭᠡᠶᠢᠷᠡᠭᠦᠯᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠢᠭᠡᠳ ᠤᠳᠤᠷᠢᠳᠬᠤ ᠪᠠᠭ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ | ᠴᠢᠩᠭ᠎ᠠ ᠠᠳᠬᠤᠬᠤ ᠶᠢ ᠠᠬᠢᠭᠤᠯᠤᠨ ᠂ ᠥᠷᠭᠡᠨ ᠤᠯᠠᠨ ᠨᠠᠮ ᠤᠨ ᠭᠡᠰᠢᠭᠦᠳ᠂ ᠺᠠᠳ᠋ᠷᠴᠤᠳ ᠤᠨ ᠰᠠᠬᠢᠯᠭ᠎ᠠ ᠪᠠᠲᠤ ᠶᠢ ᠰᠠᠬᠢᠬᠤ ᠤᠬᠠᠮᠰᠠᠷ ᠢᠶᠠᠨ | ᠴᠢᠩᠭᠠᠳᠬᠠᠬᠤ ᠶᠢ ᠨᠢ ᠠᠬᠢᠭᠤᠯᠵᠤ ᠂ ᠲᠥᠪ ᠴᠢᠩᠭ᠎ᠠ ᠰᠠᠬᠢᠯᠭ᠎ᠠ ᠪᠠᠲᠤ ᠪᠠᠷ ᠪᠦᠬᠦ ᠨᠠᠮ ᠤᠨ ᠡᠷᠡᠰ ᠲᠠᠰᠤᠷᠬᠠᠢ ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠷᠢᠮᠲᠠᠯᠠᠨ ᠂ ᠦᠵᠡᠯ ᠰᠠᠨᠠᠭ᠎ᠠ ᠪᠠᠨ ᠨᠢᠭᠡᠳᠬᠡᠵᠦ ᠂ ᠦᠢᠯᠡ | ᠠᠵᠢᠯᠯᠠᠭ᠎ᠠ ᠪᠠᠨ ᠨᠢᠭᠡᠳᠬᠡᠵᠦ ᠂ ᠬᠢᠬᠦ ᠵᠣᠭᠰᠣᠬᠤ ᠪᠠᠨ ᠮᠡᠳᠡᠨ ᠂ ᠵᠠᠷᠯᠢᠭ ᠴᠠᠭᠠᠵᠠ ᠶᠢ ᠳᠠᠭᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠠ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠢ ᠃ | ᠶᠡᠷᠦᠩᠬᠡᠢ ᠱᠦᠵᠢ ᠰᠢ ᠶᠢᠨ ᠫᠢᠩ ᠄ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ | ᠨᠠᠮ ᠤᠨ ᠭᠡᠰᠢᠭᠦᠳ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠴᠤ ᠂ ᠮᠡᠳᠡᠵᠦ ᠂ ᠣᠶᠢᠯᠠᠭᠠᠵᠤ ᠂ ᠰᠠᠬᠢᠬᠤ ᠶᠢ ᠨᠢ ᠳᠠᠭᠠᠭᠤᠯᠤᠨ ᠵᠢᠯᠤᠭᠤᠳᠴᠤ᠂ ᠤᠳᠤᠷᠢᠳᠬᠤ | ᠺᠠᠳ᠋ᠷᠴᠤᠳ ᠤᠨ ᠵᠥᠪ ᠡᠷᠬᠡ ᠶᠢᠨ ᠦᠵᠡᠯᠲᠡ ᠶᠢ ᠪᠣᠶ ᠪᠣᠯᠭᠠᠬᠤ᠂ ᠡᠷᠬᠡ ᠪᠠᠨ ᠲᠥᠪ ᠭᠤᠥᠯᠴᠢ ᠪᠠᠷ ᠬᠡᠷᠡᠭᠯᠡᠬᠦ᠂ ᠡᠷᠬᠡ ᠪᠠᠨ ᠬᠠᠤᠯᠢ ᠶᠣᠰᠣᠭᠠᠷ ᠬᠡᠷᠡᠭᠯᠡᠬᠦ᠂ | ᠠᠷᠠᠳ ᠤᠨ ᠲᠥᠯᠥᠭᠡ ᠡᠷᠬᠡ ᠪᠠᠨ ᠬᠡᠷᠡᠭᠯᠡᠬᠦ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ ᠶᠢ ᠰᠢᠮᠳᠠᠭᠤᠯᠬᠤ ᠬᠡᠷᠡᠭᠲᠡᠢ︾ ᠭᠡᠵᠦ ᠴᠢᠬᠤᠯᠠᠴᠢᠯᠠᠵᠠᠢ ᠃ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠬᠦ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠵᠠᠷᠢᠮ ᠨᠠᠮ ᠤᠨ ᠭᠡᠰᠢᠭᠦᠨ᠂ ᠺᠠᠳ᠋ᠷ ᠤᠨ ᠨᠠᠮ ᠤᠨ ᠲᠣᠭᠲᠠᠭᠠᠯ ᠨᠠᠮ ᠤᠨ | ᠰᠠᠬᠢᠯᠭ᠎ᠠ ᠪᠠᠲᠤ ᠳᠤ ᠰᠠᠨᠠᠭ᠎ᠠ ᠲᠠᠯᠪᠢᠬᠤ ᠦᠭᠡᠢ᠂ ᠣᠶᠢᠯᠠᠭᠠᠬᠤ ᠦᠭᠡᠢ᠂ ᠡᠵᠡᠮᠰᠢᠬᠦ ᠦᠭᠡᠢ ᠵᠡᠷᠭᠡ ᠠᠰᠠᠭᠤᠳᠠᠯ ᠤᠳ ᠢ ᠰᠢᠢᠳᠪᠦᠷᠢᠯᠡᠬᠦ ᠳᠤ ᠠᠩᠬᠠᠷᠤᠯ ᠢᠶᠠᠨ | ᠲᠥᠪᠯᠡᠷᠡᠭᠦᠯᠦᠨ ᠂ ᠨᠠᠮ ᠤᠨ ᠭᠡᠰᠢᠭᠦᠳ ᠢᠯᠠᠩᠭᠤᠶ᠎ᠠ ᠨᠠᠮ ᠤᠨ ᠤᠳᠤᠷᠢᠳᠬᠤ ᠺᠠᠳ᠋ᠷᠴᠤᠳ ᠢ ᠵᠣᠬᠢᠶᠠᠨ ᠪᠠᠶᠢᠭᠤᠯᠤᠨ ︽ᠳᠦᠷᠢᠮ︾ ᠢ ᠨᠠᠷᠢᠨ ᠬᠢᠨᠠᠮᠠᠭᠠᠢ | ᠰᠤᠷᠤᠯᠴᠠᠭᠤᠯᠵᠤ᠂ ᠰᠠᠬᠢᠯᠭ᠎ᠠ ᠪᠠᠲᠤ ᠶᠢ ᠰᠤᠷᠴᠤ᠂ ᠮᠡᠳᠡᠵᠦ᠂ ᠣᠶᠢᠯᠠᠭᠠᠵᠤ᠂ ᠰᠠᠬᠢᠬᠤ ᠶᠢ ᠪᠡᠶᠡᠯᠡᠭᠦᠯᠵᠦ ᠂ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠭᠡᠭᠴᠢ | ᠶᠠᠭᠤ ᠪᠣᠯᠬᠤ ᠶᠢ ᠲᠣᠳᠣᠷᠬᠠᠢ ᠣᠶᠢᠯᠠᠭᠠᠵᠤ ᠂ ᠶᠠᠭᠤ ᠬᠢᠵᠦ ᠪᠣᠯᠬᠤ ᠂ ᠶᠠᠭᠤ ᠬᠢᠵᠦ ᠡᠰᠡ ᠪᠣᠯᠬᠤ ᠶᠢ ᠮᠡᠳᠡᠵᠦ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ | ᠪᠠᠲᠤ ᠶᠢ ᠰᠠᠬᠢᠬᠤ ᠶᠢ ᠰᠡᠳᠬᠢᠯ ᠳᠤ ᠪᠠᠨ ᠬᠠᠳᠠᠩᠰᠢᠭᠤᠯᠵᠤ ᠂ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠢᠶᠠᠨ ᠪᠠᠷᠢᠮᠵᠢᠶ᠎ᠠ ᠪᠣᠯᠭᠠᠨ᠂ ᠰᠠᠬᠢᠯᠭ᠎ᠠ ᠪᠠᠲᠤ ᠶᠢᠨ ᠤᠬᠠᠮᠰᠠᠷ ᠂ | ᠥᠪᠡᠷ ᠪᠡᠶ᠎ᠡ ᠶᠢᠨ ᠬᠢᠵᠠᠭᠠᠷᠯᠠᠯ᠂ ᠳᠠᠷᠬᠠᠯᠠᠭ᠎ᠠ ᠪᠠᠨ ᠴᠢᠨᠠᠭᠰᠢᠳᠠ ᠤᠯᠠᠮ ᠳᠡᠭᠡᠭᠰᠢᠯᠡᠭᠦᠯᠵᠦ ᠂ ᠤᠯᠤᠰ ᠲᠦᠷᠦ ᠶᠢᠨ ᠲᠣᠭᠲᠠᠯ ᠬᠦᠴᠦᠨ ᠂ ᠰᠠᠬᠢᠯᠭ᠎ᠠ ᠪᠠᠲᠤ ᠶᠢᠨ | ᠲᠣᠭᠲᠠᠯ ᠬᠦᠴᠦᠨ ᠂ ᠶᠣᠰᠣ ᠰᠤᠷᠲᠠᠬᠤᠨ ᠤ ᠲᠣᠭᠲᠠᠯ ᠬᠦᠴᠦᠨ ᠂ ᠢᠯᠵᠠᠷᠠᠯ ᠢ ᠡᠰᠡᠷᠭᠦᠴᠡᠬᠦ ᠲᠣᠭᠲᠠᠯ ᠬᠦᠴᠦᠨ ᠢᠶᠠᠨ ᠴᠢᠩᠭᠠᠳᠬᠠᠵᠤ ᠂ ᠢᠮᠠᠭᠲᠠ ᠦᠨᠡᠨᠴᠢ | ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠃ | ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠦᠨᠳᠦᠰᠦ ᠶᠢ ᠨᠢ ᠵᠠᠰᠠᠬᠤ ᠪᠣᠳᠣᠯᠭ᠎ᠠ ᠮᠥᠨ ᠃ | ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠡᠳᠬᠡᠨ ᠂ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ ᠂ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠨᠠᠮ ᠤᠨ ᠭᠡᠰᠢᠭᠦᠳ ᠺᠠᠳ᠋ᠷᠴᠤᠳ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠠᠬᠢᠭᠤᠯᠵᠤ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠷᠭ᠎ᠠ ᠬᠡᠮᠵᠢᠶ᠎ᠡ | ᠨᠢᠭᠡᠪᠦᠷᠢ ᠶᠢ ᠴᠥᠮ ᠭᠤᠣᠯ ᠠᠵᠢᠯ ᠢ ᠠᠬᠢᠭᠤᠯᠬᠤ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠬᠦ ᠪᠦᠲᠦᠮᠵᠢᠲᠡᠢ ᠠᠷᠭ᠎ᠠ ᠬᠡᠮᠵᠢᠶ᠎ᠡ ᠪᠣᠯᠭᠠᠬᠤ | ᠬᠡᠷᠡᠭᠲᠡᠢ ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠲᠣᠬᠢᠶᠠᠯ ᠪᠣᠯᠭᠠᠨ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠨᠡᠩ | ᠲᠣᠪᠤᠶᠢᠮ᠎ᠠ ᠪᠠᠶᠢᠷᠢᠨ ᠳᠤ ᠲᠠᠯᠪᠢᠵᠤ ᠂ ᠰᠠᠬᠢᠯᠭ᠎ᠠ ᠪᠠᠲᠤ ᠭᠡᠬᠦ ᠡᠨᠡ ᠬᠦ ᠨᠠᠮ ᠢ ᠬᠠᠮᠢᠶᠠᠷᠴᠤ ᠨᠠᠮ ᠢ ᠵᠠᠰᠠᠬᠤ ︽ ᠱᠤᠭᠤᠮ ︾ ᠢ ᠰᠠᠶᠢᠲᠤᠷ ᠬᠡᠷᠡᠭᠯᠡᠵᠦ ᠂ ᠪᠦᠬᠦ | ᠨᠠᠮ ᠢᠶᠠᠷ ᠢᠶᠠᠨ ᠤᠬᠠᠮᠰᠠᠷ ᠠᠴᠠ ᠪᠠᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠵᠠᠯᠠᠷᠠᠭᠤᠯᠪᠠᠯ ᠂ ᠨᠠᠮ ᠢ | ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠪᠠᠶᠢᠭᠤᠯᠵᠤ ᠴᠢᠳᠠᠬᠤ ᠨᠢ ᠯᠠᠪᠲᠠᠢ ᠶᠤᠮ᠃ |