ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ᠂ ᠬᠤᠲᠠ ᠶᠢᠨ ᠳᠡᠳ᠋ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠢ ᠳᠠᠷᠤᠮᠠᠯᠯᠠᠨ ᠶᠠᠪᠤᠭᠤᠯᠬᠤ ᠲᠤᠬᠠᠶ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/4/25
ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠬᠥᠯᠥᠨ ᠪᠤᠶᠢᠷ ᠤᠨ ᠳᠠᠪᠠᠭᠠᠨ ᠤ ᠵᠡᠭᠦᠨᠳᠡᠬᠢ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠪᠦᠲᠦᠭᠡᠭᠳᠡᠬᠦᠨ ᠤ ᠨᠡᠭᠡᠭᠡᠯᠲᠡ ᠶᠢᠨ ᠲᠣᠭᠤᠷᠢᠭ ᠂ ᠠᠯᠳᠠᠷᠲᠤ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠵᠠᠯᠠᠨ ᠠᠶᠢᠯ ᠬᠤᠲᠠ ᠳᠤ ᠰᠠᠭᠤᠭ᠎ᠠ ᠬᠤᠯᠪᠣᠭᠳᠠᠯ ᠪᠥᠬᠦᠶ ᠨᠢᠭᠡᠴᠡ ᠳᠤ᠄    ᠦᠨᠳᠦᠰᠦᠨ ᠬᠠᠤᠯᠢ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠬᠠᠤᠯᠢ ᠶᠢᠨ ᠲᠣᠭᠲᠠᠭᠠᠯ ᠢ ᠦᠨᠳᠦᠰᠦᠯᠡᠪᠡᠯ᠂ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠬᠤᠲᠠ ᠶᠢᠨ ᠳᠡᠳ᠋ ᠳᠠᠷᠤᠭ᠎ᠠ ᠨᠢ ᠬᠤᠲᠠ ᠶᠢᠨ ᠠᠵᠢᠯᠳᠡᠠ ᠤ ᠶᠠᠪᠤᠳᠠᠯ ᠤᠨ ᠬᠤᠪᠢᠷᠠᠯᠲᠠ ᠪᠠ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠰᠤᠳᠤᠯᠬᠤ ᠪᠠᠷ ᠳᠠᠮᠵᠢᠭᠠᠳ ᠬᠤᠳᠠ ᠶᠢᠨ ᠳᠠᠷᠤᠭ᠎ᠠ᠂ ᠬᠤᠳᠠ ᠶᠢᠨ ᠳᠡᠳ᠋ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠢ ᠳᠣᠣᠷᠠᠬᠢ ᠮᠡᠲᠦ ᠪᠠᠷ ᠲᠣᠬᠢᠷᠠᠭᠤᠯᠪᠠ᠄      ᠸᠠᠩ ᠪᠥᠸᠧ ᠬᠤᠲᠠ ᠶᠢᠨ ᠳᠠᠷᠤᠭ᠎ᠠ᠄ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠥᠬᠦ ᠲᠠᠯ᠎ᠠ ᠶᠢᠨ ᠠᠵᠢᠯ ᠢ ᠡᠷᠭᠢᠯᠡᠵᠦ᠂ ᠬᠢᠨᠠᠨ ᠪᠤᠳᠤᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠬᠢᠨᠠᠨ ᠪᠣᠳᠣᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠦ᠋ ᠴᠧᠨ ᠳ᠋ᠦᠩ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ᠄ ᠬᠤᠲᠠ ᠶᠢᠨ ᠳᠠᠷᠤᠭ᠎ᠠ ᠶᠢ ᠬᠠᠮᠵᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠳᠠᠷᠤᠭ᠎ᠠ ᠶᠢ ᠬᠠᠮᠵᠢᠨ ᠡᠳ᠋ ᠤᠨ ᠵᠠᠰᠠᠭ ᠭᠠᠶᠢᠯᠢ᠂ ᠮᠥᠩᠭᠦᠨ ᠭᠦᠶ᠋ᠯᠭᠡᠭᠡᠨ᠂ ᠤᠯᠤᠰ ᠤᠨ ᠡᠳ᠋ ᠬᠥᠷᠥᠩᠭᠡ᠂ ᠬᠢᠨᠠᠨ ᠪᠤᠳᠤᠬᠤ᠂ ᠭᠠᠳᠠᠭᠠᠳᠤ ᠶᠠᠪᠤᠳᠠᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠡᠷᠡᠭᠦᠯ ᠬᠠᠮᠠᠭᠠᠯᠠᠯ ᠡᠷᠡᠭᠦᠯ   ᠮᠡᠨᠳᠦ᠂ ᠡᠮᠴᠢᠯᠡᠭᠡᠨ ᠤ ᠪᠠᠲᠤᠯᠠᠭ᠎ᠠ᠂ ᠡᠮ ᠡᠮᠨᠡᠯᠭᠡ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠪᠠᠶᠢᠭᠤᠯᠭ᠎ᠠ ᠶᠢᠨ ᠶᠠᠪᠤᠳᠠᠯ᠂ ᠰᠢᠨ᠎ᠡ ᠪᠠᠷ ᠢᠯᠡᠷᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ︵ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠬᠡᠷ︶᠂ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ︶᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠬᠡᠷ︶᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠪᠠᠶᠢᠭᠤᠯᠭ᠎ᠠ ᠶᠢᠨ ᠶᠠᠪᠤᠳᠠᠯ ᠤᠨ  ᠦᠢᠯᠡᠴᠢᠯᠡᠭᠡᠨ ᠤ ᠲᠥᠪ᠂ ᠡᠷᠦᠬᠡ ᠶᠢᠨ ᠴᠡᠷᠢᠭ ᠤᠨ ᠵᠡᠪᠰᠡᠭ ᠲᠣᠨᠣᠭᠯᠠᠯ ᠤᠨ ᠬᠥᠮᠥᠷᠭᠡ᠂ ᠡᠷᠦᠬᠡ ᠶᠢᠨ ᠬᠤᠲᠠ ᠶᠢᠨ ᠳᠠᠷᠤᠭ᠎ᠠ ᠶᠢ ᠬᠠᠮᠵᠢᠨ ᠬᠤᠲᠠ ᠶᠢᠨ ᠬᠢᠨᠠᠨ ᠪᠣᠳᠣᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃    ᠬᠠᠷᠢᠯᠴᠠᠬᠤ ᠨᠢ᠄ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ᠂ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠯᠪᠠᠨ ᠭᠡᠷ᠂ ᠬᠤᠲᠠ ᠶᠢᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠤᠷᠤᠨ ᠲᠤᠭ᠎ᠠ ᠵᠢᠨ‌‍ᠺᠤᠮᠢᠰ ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠤ ᠵᠠᠯᠠᠨ ᠠᠶᠢᠯ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠥᠯᠥᠨ ᠪᠤᠶᠢᠷ ᠤᠨ ᠤᠰᠤᠨ ᠰᠢᠨᠵᠢᠯᠡᠭᠡᠨ ᠤ ᠬᠠᠶᠢᠨ ᠬᠡᠮᠵᠢᠯᠲᠡ ᠶᠢᠨ ᠲᠣᠪᠴᠢᠶ᠎ᠠ ᠶᠢᠨ ᠵᠠᠯᠠᠨ ᠠᠶᠢᠯ ᠤᠨ ᠤᠰᠤᠨ ᠰᠢᠨᠵᠢᠯᠡᠭᠡᠨ ᠤ ᠬᠠᠶᠢᠨ ᠬᠡᠮᠵᠢᠯᠲᠡ ᠶᠢᠨ ᠠᠩᠭᠢ᠂ ᠵᠠᠯᠠᠨ ᠠᠶᠢᠯ ᠤᠨ ᠠᠭᠠᠷ ᠤᠨ ᠠᠶᠠᠯᠠᠯ ᠤᠨ ᠣᠶ ᠰᠢᠭᠤᠶ ᠶᠢᠨ ᠬᠠᠮᠠᠭᠠᠯᠠᠯᠲᠠ ᠶᠢᠨ ᠥᠷᠲᠡᠭᠡ᠂ ᠵᠠᠯᠠᠨ ᠠᠶᠢᠯ ᠬᠤᠲᠠ ᠶᠢᠨ ᠣᠶ ᠰᠢᠭᠤᠶ ᠶᠢᠨ ᠭᠠᠯ ᠤᠨᠲᠠᠷᠠᠭᠠᠬᠤ ᠶᠡᠭᠡ ᠠᠩᠭᠢ᠂ ᠴᠠᠢ ᠾᠧ ᠣᠶ ᠰᠢᠭᠤᠶ ᠶᠢᠨ ᠭᠠᠯ ᠤᠨᠲᠠᠷᠠᠭᠠᠬᠤ ᠶᠡᠭᠡ ᠠᠩᠭᠢ᠂ ᠵᠠᠯᠠᠨ ᠠᠶᠢᠯ ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ 32668 ᠴᠡᠷᠢᠭ ᠠᠩᠬᠢ᠂ ᠬᠥᠯᠥᠨ ᠪᠤᠶᠢᠷ ᠬᠤᠳᠠ ᠶᠢᠨ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ᠂ ᠠᠷᠠᠳ ᠤᠨ ᠪᠠᠩᠬᠢ ᠶᠢᠨ ᠵᠠᠯᠠᠨ ᠠᠶᠢᠯ ᠬᠤᠳᠠ ᠶᠢᠨ ᠰᠠᠯᠪᠤᠷᠢ ᠪᠠᠩᠬᠢ᠂ ᠬᠥᠯᠥᠨ ᠪᠤᠶᠢᠷ ᠬᠤᠳᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠵᠠᠯᠠᠨ ᠠᠶᠢᠯ ᠬᠤᠳᠠ ᠶᠢᠨ ᠲᠤᠬᠠᠶᠢᠯᠠᠭᠰᠠᠨ ᠠᠵᠢᠯ ᠤᠨ ᠬᠡᠯᠲᠡᠰ᠂ ᠡᠯ᠎ᠡ ᠮᠥᠩᠭᠦᠨ ᠭᠦᠢᠯᠭᠡᠭᠡ᠂ ᠳᠠᠭᠠᠳᠬᠠᠯ ᠵᠡᠷᠭᠡ ᠪᠠᠶᠢᠭᠤᠯᠤᠮᠵᠢ᠃    ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠵᠦ᠂ ᠬᠤᠪᠢᠳᠠᠨ ᠬᠠᠮᠢᠶᠠᠷᠴᠤ ᠪᠥᠬᠦᠶ ᠬᠦᠷᠢᠶ᠎ᠡ ᠴᠠᠷᠠᠭ᠎ᠠ ᠶᠢᠨ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠲᠠᠢ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠨ᠎ᠡ᠃      ᠵᠢᠶᠠᠩ ᠵᠢᠶᠦ᠋ᠨ ᠶᠦᠩ‌ᠬᠤᠲᠠ ᠶᠢᠨ ᠳᠡᠳ᠋ ᠳᠠᠷᠤᠭ᠎ᠠ ᠄ ᠬᠤᠲᠠ ᠶᠢᠨ ᠳᠠᠷᠤᠭ᠎ᠠ ᠶᠢ ᠬᠠᠮᠵᠢᠨ ᠪᠠᠶᠢᠭᠠᠯᠢ ᠶᠢᠨ ᠡᠬᠢ ᠪᠠᠶᠠᠯᠢᠭ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠬᠤᠲᠠ ᠶᠢᠨ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠭ᠎ᠠ ᠶᠢ ᠰᠢᠢᠳᠪᠦᠷᠢᠯᠡᠬᠦ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠵᠠᠰᠠᠮᠠᠯ ᠵᠠᠮ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠠᠭᠠᠷ ᠤᠨ ᠠᠶᠠᠯᠠᠯ ᠤᠨ ᠠᠵᠤ  ᠦᠢᠯᠡᠰ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠠᠷᠠᠳ ᠤᠨ ᠠᠭᠠᠷ ᠤᠨ ᠲᠡᠭᠡᠭᠡᠪᠦᠷᠢ ᠶᠢᠨ  ᠦᠢᠯᠡᠰ ᠤᠨ ᠬᠥᠭᠵᠢᠯᠲᠡ ᠶᠢᠨ ᠲᠥᠪ᠂ ᠠᠭᠠᠷ ᠤᠨ ᠠᠵᠤ  ᠦᠢᠯᠡᠰ ᠤᠨ ᠬᠥᠭᠵᠢᠯᠲᠡ ᠶᠢ ᠠᠬᠢᠭᠤᠯᠬᠤ ᠲᠣᠪᠴᠢᠶ᠎ᠠ᠂ ᠰᠢᠤᠳᠠᠨ ᠤ  ᠦᠢᠯᠡᠰ ᠤᠨ ᠬᠥᠭᠵᠢᠯᠲᠡ ᠶᠢᠨ ᠲᠥᠪ ︵ᠰᠢᠤᠳᠠᠨ ᠤ  ᠦᠢᠯᠡᠰ ᠤᠨ ᠠᠮᠤᠷ ᠲᠦᠪᠰᠢᠨ ᠤ ᠲᠥᠪ︶᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠤᠪᠢᠳᠠᠨ ᠬᠠᠮᠢᠶᠠᠷᠴᠤ᠂ ᠵᠠᠯᠠᠨ ᠠᠶᠢᠯ ᠬᠤᠲᠠ ᠶᠢᠨ ᠬᠤᠲᠠ ᠶᠢᠨ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠵᠤ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃    ᠬᠠᠷᠢᠯᠴᠠᠬᠤ ᠨᠢ᠄ ᠬᠥᠯᠥᠨ ᠪᠤᠶᠢᠷ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠠᠯᠠᠨ ᠠᠶᠢᠯ ᠬᠤᠲᠠ ᠶᠢᠨ ᠬᠤᠪᠢᠶᠠᠷᠢ ᠲᠣᠪᠴᠢᠶ᠎ᠠ ᠂ ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ ᠺᠣᠮᠫᠠᠨᠢ᠂ ᠵᠠᠯᠠᠨ ᠠᠶᠢᠯ ᠤᠨ ᠭᠠᠯᠲᠤ  ᠲᠡᠷᠭᠡᠨ ᠦᠷᠲᠡᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ ᠶᠢᠨ ᠭᠤᠷᠪᠠᠳᠤᠭᠠᠷ ᠰᠠᠯᠪᠤᠷᠢ ᠠᠩᠭᠢ ᠶᠢᠨ ᠭᠤᠷᠪᠠᠳᠤᠭᠠᠷ ᠶᠡᠭᠡ ᠠᠩᠭᠢ᠂ ᠬᠥᠯᠥᠨ ᠪᠤᠶᠢᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠵᠠᠯᠠᠨ ᠠᠶᠢᠯ ᠤᠨ ᠶᠡᠭᠡ ᠠᠩᠭᠢ᠂ ᠬᠥᠯᠥᠨ ᠪᠤᠶᠢᠷ ᠬᠤᠲᠠ ᠶᠢᠨ ᠵᠠᠮ ᠬᠠᠷᠢᠯᠴᠠᠭ᠎ᠠ‌‍ᠲ᠋ᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠵᠠᠯᠠᠨ ᠠᠶᠢᠯ ᠤᠨ ᠬᠤᠪᠢᠶᠠᠷᠢ ᠲᠥᠪ᠂ ᠵᠠᠮ ᠤᠨ ᠰᠦᠢᠳᠭᠡᠯ ᠬᠤᠷᠢᠶᠠᠬᠤ ᠥᠷᠲᠡᠭᠡ ︵ᠭᠠᠵᠠᠷ︶᠂ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠨᠢᠰᠦᠯᠲᠡ ᠶᠢᠨ ᠳᠡᠭᠡᠳᠦ ᠰᠤᠷᠭᠠᠭᠤᠯᠢ᠃    ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠵᠦ᠂ ᠬᠤᠪᠢᠳᠠᠨ ᠬᠠᠮᠢᠶᠠᠷᠴᠤ ᠪᠥᠬᠦᠶ ᠬᠦᠷᠢᠶ᠎ᠡ ᠴᠠᠷᠠᠭ᠎ᠠ ᠳᠠᠬᠢ ᠨᠢᠭᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ ᠶᠢᠨ ᠬᠠᠷᠢᠭᠤᠴᠠᠯᠭ᠎ᠠ ᠶᠢ ᠭᠦᠢᠴᠡᠳᠭᠡᠨ᠎ᠡ᠃     ᠯᠦ ᠸᠤᠨ ᠹᠤᠩ ᠬᠤᠲᠠ ᠶᠢᠨ ᠳᠡᠳ᠋ ᠳᠠᠷᠤᠭ᠎ᠠ ᠄ ᠬᠤᠲᠠ ᠶᠢᠨ ᠳᠠᠷᠤᠭ᠎ᠠ ᠶᠢ ᠬᠠᠪᠰᠤᠷᠤᠨ ᠬᠠᠤᠯᠢ ᠶᠣᠰᠣᠭᠠᠷ ᠬᠤᠲᠠ ᠶᠢ ᠵᠠᠰᠠᠬᠤ᠂ ᠨᠡᠶᠢᠭᠡᠮ ᠢ ᠲᠣᠭᠲᠠᠭᠤᠨ ᠪᠠᠶᠢᠯᠭᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠦᠬᠦ ᠲᠠᠯ᠎ᠠ ᠶᠢᠨ ᠠᠵᠢᠯ ᠢ ᠡᠷᠬᠢᠯᠡᠵᠤ᠂ ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠴᠤ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠳᠠ ᠶᠢᠨ ᠳᠠᠷᠤᠭ᠎ᠠ ᠶᠢ ᠬᠠᠮᠵᠢᠨ ᠵᠠᠬᠢᠳᠠᠯ ᠰᠤᠷᠪᠤᠯᠵᠢᠯᠠᠭ᠎ᠠ ᠶᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃    ᠬᠠᠷᠢᠯᠴᠠᠬᠤ ᠨᠢ᠄ ᠬᠤᠲᠠ ᠶᠢᠨ ᠠᠷᠠᠳ ᠤᠨ ᠰᠢᠭᠦᠬᠦ ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠥᠪᠥᠷ ᠮᠣᠩᠭᠤᠯ ᠤᠨ ᠵᠠᠯᠠᠨ ᠠᠶᠢᠯ ᠤᠨ ᠭᠢᠨᠳᠠᠨ᠂ ᠵᠡᠪᠰᠡᠭᠲᠦ ᠴᠠᠭᠳᠠᠭ᠎ᠠ ᠶᠢᠨ ᠬᠥᠯᠥᠨ ᠪᠤᠶᠢᠷ ᠬᠤᠲᠠ ᠶᠢᠨ ᠰᠠᠯᠪᠤᠷᠢ ᠠᠩᠭᠢ ᠶᠢᠨ ᠬᠤᠶᠠᠳᠤᠭᠠᠷ ᠶᠡᠭᠡ ᠠᠩᠭᠢ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠯᠠᠨ ᠠᠶᠢᠯ ᠤᠨ ᠠᠷᠤ ᠲᠠᠯ᠎ᠠ ᠵᠢᠨ‌ᠦᠢᠯᠡᠴᠢᠯᠡᠭᠡᠨ ᠤ ᠬᠠᠩᠭᠠᠯᠭ᠎ᠠ ᠶᠢᠨ ᠭᠠᠵᠠᠷ᠂ ᠤᠯᠤᠰ ᠤᠨ ᠠᠮᠤᠷ ᠲᠦᠪᠰᠢᠨ ᠤ ᠲᠣᠪᠴᠢᠶ᠎ᠠ᠃    ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠵᠦ᠂ ᠬᠤᠪᠢᠳᠠᠨ ᠬᠠᠮᠢᠶᠠᠷᠴᠤ ᠪᠥᠬᠦᠶ ᠬᠦᠷᠢᠶ᠎ᠡ ᠴᠠᠷᠠᠭ᠎ᠠ ᠳᠠᠬᠢ ᠨᠢᠭᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ ᠶᠢᠨ ᠬᠠᠷᠢᠭᠤᠴᠠᠯᠭ᠎ᠠ ᠶᠢ ᠭᠦᠢᠴᠡᠳᠭᠡᠨ᠎ᠡ᠃      ᠯᠦ ᠶᠠ ᠭᠤᠸᠠᠩ ᠬᠤᠲᠠ ᠶᠢᠨ ᠳᠡᠳ᠋ ᠳᠠᠷᠤᠭ᠎ᠠ ᠄ ᠬᠤᠲᠠ ᠶᠢᠨ ᠳᠠᠷᠤᠭ᠎ᠠ ᠶᠢ ᠬᠠᠮᠵᠢᠨ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ᠂ ᠲᠤᠭ᠎ᠠ ᠪᠦᠷᠢᠳᠬᠡᠯ᠂  ᠯᠢᠩ ᠳ᠋ᠦᠩ‌‍ᠲ᠋ᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠪᠦᠲᠦᠭᠡᠭᠳᠡᠬᠦᠨ ᠤ ᠨᠡᠭᠡᠭᠡᠯᠲᠡ ᠶᠢᠨ ᠣᠷᠣᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠰᠦᠯᠵᠢᠶᠡᠨ ᠤ ᠠᠵᠤ ᠠᠬᠤᠶ᠂ ᠡᠨᠧᠷᠭᠢ ᠵᠢᠴᠢ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ᠂ ᠬᠤᠳᠠᠯᠳᠤᠭᠠᠨ ᠤ ᠶᠠᠪᠤᠳᠠᠯ᠂ ᠭᠠᠳᠠᠭᠠᠳᠤ ᠨᠡᠭᠡᠭᠡᠯᠲᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠡᠨᠧᠷᠭᠢ ᠶᠢᠨ ᠲᠣᠪᠴᠢᠶ᠎ᠠ᠂ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠬᠡᠷ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ︶᠂ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶᠂ ᠲᠤᠭ᠎ᠠ ᠪᠦᠷᠢᠳᠬᠡᠯ ᠤᠨ ᠲᠣᠪᠴᠢᠶ᠎ᠠ᠂ ᠥᠪᠥᠷ ᠮᠣᠩᠭᠤᠯ ᠤᠨ ᠬᠥᠯᠥᠨ ᠪᠤᠶᠢᠷ ᠤᠨ  ᠯᠢᠩ ᠳ᠋ᠦᠩ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠪᠦᠲᠦᠭᠡᠭᠳᠡᠬᠦᠨ ᠤ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠥᠭᠵᠢᠭᠦᠯᠦᠯᠲᠡ ᠶᠢᠨ ᠰᠤᠳᠤᠯᠭᠠᠨ ᠤ ᠲᠥᠪ ︵ᠲᠥᠷᠥᠯ  ᠵᠦᠢᠯ ᠢ ᠣᠷᠣᠭᠤᠯᠤᠨ ᠠᠪᠴᠢᠷᠠᠬᠤ ᠲᠥᠪ︶᠂ ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠲᠥᠪ ᠢ ᠬᠤᠪᠢᠳᠠᠨ ᠬᠠᠮᠢᠶᠠᠷᠤᠨ᠎ᠠ᠃    ᠬᠠᠷᠢᠯᠴᠠᠬᠤ ᠨᠢ᠄ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠵᠠᠯᠠᠨ ᠠᠶᠢᠯ ᠤᠨ ᠪᠠᠶᠢᠴᠠᠭᠠᠯᠲᠠ ᠶᠢᠨ ᠠᠩᠭᠢ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠵᠠᠯᠠᠨ ᠠᠶᠢᠯ ᠬᠤᠲᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠡᠭᠦᠳᠡᠯ ᠬᠤᠯᠪᠣᠭ᠎ᠠ ᠶᠢᠨ ᠵᠠᠯᠠᠨ ᠠᠶᠢᠯ ᠬᠤᠲᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠵᠠᠯᠠᠨ ᠠᠶᠢᠯ ᠬᠤᠲᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠲᠡᠮᠦᠷ ᠰᠤᠪᠤᠷᠭ᠎ᠠ ᠶᠢᠨ ᠬᠥᠯᠥᠨ ᠪᠤᠶᠢᠷ ᠬᠤᠲᠠ ᠶᠢᠨ ᠬᠤᠪᠢᠶᠠᠷᠢ ᠺᠣᠮᠫᠠᠨᠢ ᠶᠢᠨ ᠵᠠᠯᠠᠨ ᠠᠶᠢᠯ ᠤᠨ ᠲᠥᠷᠥᠯ ᠵᠦᠢᠯ ᠤᠨ ᠬᠡᠯᠲᠡᠰ᠂ ᠬᠥᠯᠥᠨ ᠪᠤᠶᠢᠷ ᠤᠨ ᠠᠨ ᠲᠠᠢ ᠢᠯᠴᠢ ᠶᠢᠨ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠠᠯᠠᠨ ᠠᠶᠢᠯ ᠤᠨ ᠢᠯᠴᠢ ᠶᠢᠨ ᠴᠠᠬᠢᠯᠭᠠᠨ ᠤ  ᠦᠢᠯᠡᠳᠪᠦᠷᠢ᠂ ᠤᠯᠤᠰ ᠤᠨ ᠴᠠᠬᠢᠯᠭᠠᠨ ᠲᠣᠤᠷ ᠤᠨ ᠵᠠᠯᠠᠨ ᠠᠶᠢᠯ ᠤᠨ ᠴᠠᠬᠢᠯᠭᠠᠨ ᠬᠠᠩᠭᠠᠬᠤ ᠺᠣᠮᠫᠠᠨᠢ᠂ ᠵᠠᠯᠠᠨ ᠠᠶᠢᠯ ᠬᠤᠲᠠ ᠶᠢᠨ ᠨᠠᠪᠴᠢᠨ ᠲᠠᠮᠠᠬᠢ ᠶᠢᠨ ᠲᠤᠰᠬᠠᠶ ᠬᠤᠳᠠᠯᠳᠤᠭᠠᠨ ᠤ ᠲᠣᠪᠴᠢᠶ᠎ᠠ ︵ᠶᠠᠩᠵᠤᠤᠷ ᠲᠠᠮᠠᠬᠢ ᠡᠵᠡᠩᠨᠡᠨ ᠪᠣᠷᠣᠯᠠᠭᠤᠯᠬᠤ ᠬᠡᠯᠲᠡᠰ︶᠂ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠥᠯᠥᠨ ᠪᠤᠶᠢᠷ ᠤᠨ ᠵᠠᠯᠠᠨ ᠠᠶᠢᠯ ᠤᠨ ᠪᠣᠷᠣᠯᠠᠭᠤᠯᠭ᠎ᠠ ᠶᠢᠨ ᠬᠤᠪᠢᠶᠠᠷᠢ ᠺᠣᠮᠫᠠᠨᠢ᠂ ᠲᠥᠪ ᠤᠨ ᠨᠥᠭᠡᠴᠡ ᠠᠮᠤ ᠶᠢᠨ ᠬᠥᠯᠥᠨ ᠪᠤᠶᠢᠷ ᠤᠨ ᠰᠢᠭᠤᠳ ᠬᠠᠷᠢᠶ᠎ᠠ ᠬᠥᠮᠥᠷᠭᠡ ᠶᠢᠨ ᠬᠢᠵᠠᠭᠠᠷᠲᠤ ᠺᠣᠮᠫᠠᠨᠢ᠃    ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠵᠦ᠂ ᠬᠤᠪᠢᠳᠠᠨ ᠬᠠᠮᠢᠶᠠᠷᠴᠤ ᠪᠥᠬᠦᠶ ᠬᠦᠷᠢᠶ᠎ᠡ ᠴᠠᠷᠠᠭ᠎ᠠ ᠳᠠᠬᠢ ᠨᠢᠭᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ ᠶᠢᠨ ᠬᠠᠷᠢᠭᠤᠴᠠᠯᠭ᠎ᠠ ᠶᠢ ᠭᠦᠢᠴᠡᠳᠭᠡᠨ᠎ᠡ᠃    ᠬᠠᠨ ᡁᠢ ᠯᠢ ᠬᠤᠲᠠ ᠶᠢᠨ ᠳᠡᠳ᠋ ᠳᠠᠷᠤᠭ᠎ᠠ ᠄ ᠬᠤᠲᠠ ᠶᠢᠨ ᠳᠠᠷᠤᠭ᠎ᠠ ᠶᠢ ᠬᠠᠮᠵᠢᠨ ᠲᠠᠷᠢᠶᠠᠯᠠᠩ ᠬᠥᠳᠡᠭᠡ ᠲᠣᠰᠬᠤᠨ᠂ ᠰᠢᠨᠵᠢᠯᠡᠬᠦ ᠤᠬᠠᠭᠠᠨ ᠮᠡᠷᠭᠡᠵᠢᠯ᠂ ᠣᠶ ᠰᠢᠭᠤᠶ ᠪᠠ ᠨᠤᠲᠤᠭ ᠪᠡᠯᠴᠢᠭᠡᠷ᠂ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ᠂ ᠬᠠᠩᠭᠠᠨ ᠪᠣᠷᠣᠯᠠᠭᠤᠯᠬᠤ ᠬᠠᠮᠲᠤᠷᠠᠯᠴᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠤᠲᠠ ᠶᠢᠨ ᠣᠲᠣ ᠦᠶ᠎ᠡ ᠶᠢᠨ ᠲᠠᠷᠢᠶᠠᠯᠠᠩ ᠤᠨ ᠠᠵᠤ  ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠬᠡᠷ᠂ ᠬᠤᠲᠠ ᠶᠢᠨ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠥᠪ ᠢ ᠬᠤᠪᠢᠳᠠᠨ ᠬᠠᠮᠢᠶᠠᠷᠴᠤ᠂ ᠵᠠᠯᠠᠨ ᠠᠶᠢᠯ ᠬᠤᠲᠠ ᠶᠢᠨ ᠣᠲᠣ ᠦᠶ᠎ᠡ ᠶᠢᠨ ᠲᠠᠷᠢᠶᠠᠯᠠᠩ ᠤᠨ ᠪᠠᠯᠠ ᠣᠷᠣᠭᠤᠯᠵᠤ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃    ᠬᠠᠷᠢᠯᠴᠠᠬᠤ ᠨᠢ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠤᠲᠠ ᠶᠢᠨ ᠴᠠᠭ ᠠᠭᠤᠷ ᠤᠨ ᠲᠣᠪᠴᠢᠶ᠎ᠠ᠂  ᠨᠠᠨ ᠮᠦ ᠮᠣᠳᠣᠨ ᠤ ᠣᠶ ᠰᠢᠭᠤᠶ ᠶᠢᠨ  ᠦᠢᠯᠡᠰ ᠤᠨ ᠲᠣᠪᠴᠢᠶ᠎ᠠ᠂ ᠴᠠᠢ ᠾᠧ ᠣᠶ ᠰᠢᠭᠤᠶ ᠶᠢᠨ ᠲᠣᠪᠴᠢᠶ᠎ᠠ᠂ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ᠂ ᠵᠠᠯᠠᠨ ᠠᠶᠢᠯ ᠤᠨ ᠠᠳᠤᠭᠤᠨ ᠤ ᠲᠠᠯᠠᠪᠠᠶ᠂  ᠴᠠᠢ ᠾᠧ ᠲᠠᠷᠢᠶᠠᠯᠠᠩ ᠤᠨ ᠲᠠᠯᠠᠪᠠᠶ᠂ ᠳ᠋ᠠ ᠾᠧ ᠸᠠᠨ ᠲᠠᠷᠢᠶᠠᠯᠠᠩ ᠤᠨ ᠲᠠᠯᠠᠪᠠᠶ᠃    ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠵᠦ᠂ ᠬᠤᠪᠢᠳᠠᠨ ᠬᠠᠮᠢᠶᠠᠷᠴᠤ ᠪᠥᠬᠦᠶ ᠬᠦᠷᠢᠶ᠎ᠡ ᠴᠠᠷᠠᠭ᠎ᠠ ᠳᠠᠬᠢ ᠨᠢᠭᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ ᠶᠢᠨ ᠬᠠᠷᠢᠭᠤᠴᠠᠯᠭ᠎ᠠ ᠶᠢ ᠭᠦᠢᠴᠡᠳᠭᠡᠨ᠎ᠡ᠃      ᠶᠢᠨ ᠰᠢᠶᠤᠤ ᠬᠤᠶ ᠬᠤᠲᠠ ᠶᠢᠨ ᠳᠡᠳ᠋ ᠳᠠᠷᠤᠭ᠎ᠠ ᠄ ᠬᠤᠲᠠ ᠶᠢᠨ ᠳᠠᠷᠤᠭ᠎ᠠ ᠶᠢ ᠬᠠᠮᠵᠢᠨ ᠦᠨᠳᠦᠰᠦᠲᠡᠨ ᠤ ᠬᠡᠷᠡᠭ ᠶᠠᠪᠤᠳᠠᠯ᠂ ᠰᠤᠷᠭᠠᠨ ᠬᠥᠮᠦᠵᠢᠯ᠂ ᠰᠣᠶᠣᠯ ᠪᠡᠶ᠎ᠡ ᠲᠠᠮᠢᠷ ᠷᠠᠳᠢᠣ᠋ ᠲᠧᠯᠸᠢᠰ᠂ ᠵᠢᠭᠤᠯᠴᠢᠯᠠᠯ ᠤᠨ ᠬᠥᠭᠵᠢᠯᠲᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠦᠨᠳᠦᠰᠦᠲᠡᠨ ᠤ ᠬᠡᠷᠡᠭ ᠶᠠᠪᠤᠳᠠᠯ ᠤᠨ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠰᠤᠷᠭᠠᠨ ᠬᠥᠮᠦᠵᠢᠯ ᠤᠨ ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︵ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶᠂ ᠠᠯᠳᠠᠷᠲᠤ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠴᠤ᠂ ᠵᠠᠯᠠᠨ ᠠᠶᠢᠯ ᠬᠤᠲᠠ ᠶᠢᠨ ᠰᠣᠶᠣᠯ ᠵᠢᠭᠤᠯᠴᠢᠯᠠᠯ ᠤᠨ ᠪᠠᠯᠠ ᠣᠷᠣᠭᠤᠯᠵᠤ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃    ᠬᠠᠷᠢᠯᠴᠠᠬᠤ ᠨᠢ᠄ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ᠂ ᠪᠣᠭᠤᠮᠲᠠ ᠶᠢᠨ ᠠᠵᠢᠯ ᠤᠨ ᠵᠥᠪᠯᠡᠯ᠂ ᠡᠪᠯᠡᠯ ᠤᠨ ᠬᠤᠲᠠ ᠶᠢᠨ ᠵᠥᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠣᠪᠴᠢᠶ᠎ᠠ᠂ ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠷᠠᠳᠢᠣ᠋ ᠲᠧᠯᠸᠢᠰ ᠤᠨ ᠮᠡᠳᠡᠭᠡ ᠵᠠᠩᠭᠢ ᠶᠢᠨ ᠰᠦᠯᠵᠢᠶ᠎ᠡ ᠶᠢᠨ ᠵᠠᠯᠠᠨ ᠠᠶᠢᠯ ᠤᠨ ᠬᠤᠪᠢᠶᠠᠷᠢ ᠺᠣᠮᠫᠠᠨᠢ᠂ ᠥᠪᠥᠷ ᠮᠣᠩᠭᠤᠯ ᠤᠨ ᠷᠠᠳᠢᠣ᠋ ᠲᠧᠯᠸᠢᠰ ᠤᠨ ᠲᠣᠪᠴᠢᠶ᠎ᠠ ᠶᠢᠨ ᠵᠠᠯᠠᠨ ᠠᠶᠢᠯ ᠤᠨ 696 ᠰᠠᠴᠤᠷᠠᠭᠤᠯᠬᠤ ᠲᠠᠪᠴᠠᠩ᠂ ᠰᠢᠨᠬᠤᠸᠠ ᠨᠣᠮ ᠤᠨ ᠳᠡᠯᠭᠡᠭᠦᠷ ᠵᠢᠴᠢ ᠡᠯ᠎ᠡ ᠰᠣᠨᠢᠨ ᠮᠡᠳᠡᠭᠡᠨ ᠤ ᠨᠢᠭᠡᠴᠡ ᠲᠠᠢ ᠬᠠᠷᠢᠯᠴᠠᠨ᠎ᠠ᠃    ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠵᠦ᠂ ᠬᠤᠪᠢᠳᠠᠨ ᠬᠠᠮᠢᠶᠠᠷᠴᠤ ᠪᠥᠬᠦᠶ ᠬᠦᠷᠢᠶ᠎ᠡ ᠴᠠᠷᠠᠭ᠎ᠠ ᠳᠠᠬᠢ ᠨᠢᠭᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ ᠶᠢᠨ ᠬᠠᠷᠢᠭᠤᠴᠠᠯᠭ᠎ᠠ ᠶᠢ ᠭᠦᠢᠴᠡᠳᠭᠡᠨ᠎ᠡ᠃     ᠸᠠᠩ ᠪᠠᠶ ᠺᠦᠶ ᠬᠤᠲᠠ ᠶᠢᠨ ᠳᠡᠳ᠋ ᠳᠠᠷᠤᠭ᠎ᠠ ᠄ ᠬᠤᠲᠠ ᠶᠢᠨ ᠳᠠᠷᠤᠭ᠎ᠠ ᠶᠢ ᠬᠠᠮᠵᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠤᠪᠴᠢᠶ᠎ᠠ᠃    ᠬᠠᠷᠢᠯᠴᠠᠬᠤ ᠨᠢ᠄ ᠬᠥᠯᠥᠨ ᠪᠤᠶᠢᠷ ᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠬᠥᠯᠥᠨ ᠪᠤᠶᠢᠷ ᠬᠤᠲᠠ ᠶᠢᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠲᠥᠪ᠃    ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠵᠦ᠂ ᠬᠤᠪᠢᠳᠠᠨ ᠬᠠᠮᠢᠶᠠᠷᠴᠤ ᠪᠥᠬᠦᠶ ᠬᠦᠷᠢᠶ᠎ᠡ ᠴᠠᠷᠠᠭ᠎ᠠ ᠳᠠᠬᠢ ᠨᠢᠭᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ ᠶᠢᠨ ᠬᠠᠷᠢᠭᠤᠴᠠᠯᠭ᠎ᠠ ᠶᠢ ᠭᠦᠢᠴᠡᠳᠭᠡᠨ᠎ᠡ᠃        ᠰᠢᠤᠢ ᠶᠦᠩ ᠵᠧ ᠬᠤᠳᠠ ᠶᠢᠨ ᠳᠡᠳ᠋ ᠳᠠᠷᠤᠭ᠎ᠠ᠄ ᠬᠤᠯᠪᠣᠭᠳᠠᠯ ᠪᠦᠬᠦᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠳᠠ ᠶᠢᠨ ᠳᠠᠷᠤᠭ᠎ᠠ ᠶᠢ ᠬᠠᠮᠵᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠡᠷᠭᠡ ᠲᠠᠯ᠎ᠠ ᠶᠢᠨ ᠠᠵᠢᠯ ᠢ ᠰᠠᠶᠢᠲᠤᠷ ᠬᠢᠨ᠎ᠠ᠃    ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠵᠦ᠂ ᠬᠤᠪᠢᠳᠠᠨ ᠬᠠᠮᠢᠶᠠᠷᠴᠤ ᠪᠥᠬᠦᠶ ᠬᠦᠷᠢᠶ᠎ᠡ ᠴᠠᠷᠠᠭ᠎ᠠ ᠳᠠᠬᠢ ᠨᠢᠭᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ  ᠶᠢᠨ ᠬᠠᠷᠢᠭᠤᠴᠠᠯᠭ᠎ᠠ  ᠶᠢ ᠭᠦᠢᠴᠡᠳᠭᠡᠨ᠎ᠡ᠃  
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ