ᠵᠠᠯᠠᠨ ᠠᠶᠢᠯ ᠤᠨ ᠮᠦᠽᠧᠶ ᠪᠣᠯᠤᠨ ᠴᠢᠴᠢᠬᠠᠷ ᠤᠨ ᠭᠠᠨᠨᠠᠨ ᠰᠢᠶᠠᠨ ᠤ ᠰᠣᠶᠣᠯ ᠤᠨ ᠬᠠᠮᠠᠭᠠᠯᠠᠯᠲᠠ ᠶᠢᠨ ᠲᠥᠪ ᠬᠠᠮᠲᠤᠷᠠᠨ ᠠᠯᠲᠠᠨ ᠤᠯᠤᠰ ᠤᠨ ᠣᠷᠳᠣ ᠴᠠᠭᠠᠨ ᠬᠡᠷᠡᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/4/29
    ᠠᠯᠲᠠᠨ ᠤᠯᠤᠰ ᠤᠨ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠮᠤᠷ ᠲᠦᠪᠰᠢᠨ ᠤ ᠠᠳᠡᠯ ᠭᠠᠷᠬᠤ ᠶᠢ ᠤᠷᠢᠳᠴᠢᠯᠠᠨ ᠰᠡᠷᠭᠡᠶᠢᠯᠡᠬᠦ ᠪᠠ ᠬᠤᠷᠢᠭᠯᠠᠬᠤ ᠶᠢᠨ ᠲᠥᠯᠥᠭᠡ᠂ ᠣᠶᠢᠷ᠎ᠠ ᠳᠤ᠂ ᠵᠠᠯᠠᠨ ᠠᠶᠢᠯ ᠤᠨ ᠮᠦᠽᠧᠶ ᠪᠣᠯᠤᠨ ᠴᠢᠴᠢᠬᠠᠷ ᠤᠨ ᠭᠠᠨᠨᠠᠨ ᠰᠢᠶᠠᠨ ᠤ ᠰᠣᠶᠣᠯ ᠤᠨ ᠬᠠᠮᠠᠭᠠᠯᠠᠯᠲᠠ ᠶᠢᠨ ᠲᠥᠪ ᠤᠨ ᠬᠢᠨ ᠮᠤᠵᠢ ᠶᠢᠨ ᠵᠠᠭᠠᠭ ᠲᠠᠬᠢ ᠠᠯᠲᠠᠨ ᠤᠯᠤᠰ ᠤᠨ ᠣᠷᠳᠣ ᠴᠠᠭᠠᠨ ᠬᠡᠷᠡᠮ ᠤᠨ ᠪᠠᠭᠤᠷᠢ ᠳ᠋ᠠ ᠾᠧ ᠸᠠᠨ ᠤ ᠬᠡᠰᠡᠭ ᠲᠤ ᠣᠷᠳᠣ ᠴᠠᠭᠠᠨ ᠬᠡᠷᠡᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠲᠣᠭᠤᠷᠢᠨ ᠪᠠᠶᠢᠴᠠᠭᠠᠬᠤ ᠠᠵᠢᠯ ᠢ ᠬᠠᠮᠲᠤᠷᠠᠨ ᠥᠷᠨᠢᠭᠦᠯᠪᠡ᠃ ᠲᠣᠰ ᠤᠳᠠᠭᠠᠨ ᠤ ᠲᠣᠭᠤᠷᠢᠨ ᠪᠠᠶᠢᠴᠠᠭᠠᠯᠲᠠ ᠨᠢ ᠮᠥᠨ ᠴᠦ ᠤᠳᠠᠯ ᠥᠬᠡᠶ ᠡᠬᠢᠯᠡᠬᠦ ᠭᠡᠵᠦ ᠪᠠᠶᠢᠭ᠎ᠠ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ  ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠪᠡᠯᠡᠳᠬᠡᠯ ᠪᠠ ᠨᠠᠶᠢᠳᠠᠪᠤᠷᠢᠵᠢᠭᠤᠯᠤᠯᠲᠠ ᠪᠣᠯᠤᠨ᠎ᠠ᠂ ᠠᠯᠲᠠᠨ ᠤᠯᠤᠰ ᠤᠨ ᠣᠷᠳᠣ ᠴᠠᠭᠠᠨ ᠬᠡᠷᠡᠮ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠤᠨ ᠬᠠᠷᠠᠮᠥ᠋ᠷᠡᠨ ᠮᠤᠵᠢ ᠶᠢᠨ ᠠᠭᠤᠯᠵᠠᠷ ᠪᠣᠯᠤᠭᠰᠠᠨ ᠤ ᠬᠤᠪᠢ ᠳᠤ᠂ ᠬᠤᠶᠠᠷ ᠭᠠᠵᠠᠷ ᠤᠨ ᠬᠢᠨ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠭᠠᠷ ᠬᠤᠯᠪᠣᠨ ᠬᠠᠮᠲᠤ ᠪᠠᠷ ᠵᠠᠰᠠᠬᠤ ᠴᠢᠬᠤᠯᠠᠲᠠᠶ ᠪᠠᠶᠢᠨ᠎ᠠ᠃    ᠲᠣᠭᠤᠷᠢᠨ ᠪᠠᠶᠢᠴᠠᠭᠠᠬᠤ ᠠᠵᠢᠯ ᠤᠨ ᠠᠩᠭᠢ ᠤᠷᠢᠳ ᠬᠤᠵᠢᠳ ᠳ᠋ᠠ ᠾᠧ ᠸᠠᠨ ᠪᠠᠯᠭᠠᠰᠤ ᠶᠢᠨ ᠳ᠋ᠠ ᠱᠦᠢ ᠴᠢᠤᠸᠠᠨ ᠲᠣᠰᠬᠤᠨ᠂ ᠪᠤᠴᠧ ᠳᠧᠦ ᠲᠣᠰᠬᠤᠨ ᠢ ᠲᠣᠭᠤᠷᠢᠨ ᠪᠠᠶᠢᠴᠠᠭᠠᠵᠤ᠂ ᠭᠤᠣᠯᠳᠠᠭᠤ ᠤᠷᠳᠤ ᠴᠠᠭᠠᠨ ᠬᠡᠷᠡᠮ ᠤᠨ ᠬᠠᠮᠠᠭᠠᠯᠠᠯᠲᠠ ᠬᠠᠮᠢᠶᠠᠷᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠤᠷᠳᠤ ᠴᠠᠭᠠᠨ ᠬᠡᠷᠡᠮ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠳᠤ ᠨᠠᠷᠢᠨ ᠨᠢᠭᠲᠠ ᠪᠠᠶᠢᠴᠠᠭᠠᠯᠲᠠ ᠬᠢᠵᠦ᠂ ᠠᠮᠤᠷ ᠲᠦᠪᠰᠢᠨ ᠤ ᠭᠡᠮ ᠰᠣᠭᠤᠭ ᠪᠠᠶᠢᠬᠤ ᠡᠰᠡᠬᠦ᠂ ᠬᠠᠤᠯᠢ ᠶᠢ ᠵᠥᠷᠢᠴᠡᠨ ᠪᠦᠳᠦᠭᠡᠨ ᠪᠠᠶᠢᠭᠤᠯᠤᠭᠰᠠᠨ ᠡᠰᠡᠬᠦ᠂ ᠲᠠᠷᠢᠶᠠᠨ ᠭᠠᠵᠠᠷ ᠪᠠᠶᠢᠬᠤ ᠡᠰᠡᠬᠦ᠂ ᠬᠤᠭ ᠨᠣᠪᠰᠢ ᠣᠪᠣᠭᠠᠯᠠᠵᠤ ᠲᠠᠯᠪᠢᠭᠰᠠᠨ ᠡᠰᠡᠬᠦ ᠵᠡᠷᠭᠡ ᠠᠰᠠᠭᠤᠳᠠᠯ ᠢ ᠪᠠᠶᠢᠴᠠᠭᠠᠨ ᠦᠵᠡᠪᠡ᠃ ᠡᠭᠦᠨ ᠤ ᠬᠠᠮᠲᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠢ ᠦᠨᠳᠦᠰᠦᠯᠡᠨ᠂ ᠵᠠᠯᠠᠨ ᠠᠶᠢᠯ ᠤᠨ ᠮᠦᠽᠧᠶ ᠨᠢ ᠳ᠋ᠡ ᠾᠧ ᠸᠠᠨ ᠪᠠᠯᠭᠠᠰᠤᠨ ᠤ ᠵᠠᠰᠠᠭ ᠤᠨ ᠣᠷᠳᠣᠨ ᠲᠠᠢ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠶᠡᠷᠦᠩᠬᠡᠶᠢᠯᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠤᠨ᠎ᠠ᠃   ᠳᠠᠷᠠᠭᠠᠴᠢ ᠶᠢᠨ ᠠᠯᠬᠤᠮ ᠳᠤ᠂ ᠵᠠᠯᠠᠨ ᠠᠶᠢᠯ ᠤᠨ ᠮᠦᠽᠧᠢ ᠶᠢᠨ ᠬᠢᠨ ᠴᠠᠭᠠᠨ ᠬᠡᠷᠡᠮ ᠤᠨ ᠲᠣᠭᠤᠷᠢᠨ ᠪᠠᠶᠢᠴᠠᠭᠠᠬᠤ ᠰᠢᠰᠲᠧᠮ ᠢ ᠴᠢᠨᠠᠭᠰᠢᠳᠠ ᠪᠦᠷᠢᠨᠰᠢᠬᠦᠯᠦᠨ ᠲᠡᠭᠦᠯᠳᠡᠷᠵᠢᠭᠦᠯᠵᠦ᠂ ᠪᠥᠬᠦ ᠬᠤᠲᠠ ᠶᠢᠨ ᠣᠷᠳᠣ ᠴᠠᠭᠠᠨ ᠬᠡᠷᠡᠮ ᠤᠨ ᠠᠮᠤᠷ ᠲᠦᠪᠰᠢᠨ ᠤ ᠲᠣᠭᠤᠷᠢᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠵᠦ ᠂ ᠡᠯ᠎ᠡ ᠠᠮᠤᠷ ᠲᠦᠪᠰᠢᠨ ᠤ ᠰᠢᠭᠤᠳ ᠬᠠᠷᠢᠭᠤᠴᠠᠯᠭᠠᠲᠤ ᠨᠢᠭᠡᠴᠡ ᠲᠠᠢ ᠬᠤᠯᠪᠣᠭᠠᠯᠠᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠤᠬᠠᠭᠤᠯᠭ᠎ᠠ ᠶᠢ ᠥᠷᠨᠢᠭᠦᠯᠵᠦ᠂ ᠥᠷᠭᠡᠨ ᠣᠯᠠᠨ ᠲᠦᠮᠡᠨ ᠤ ᠣᠷᠳᠣ ᠴᠠᠭᠠᠨ ᠬᠡᠷᠡᠮ ᠢ ᠬᠠᠮᠠᠭᠠᠯᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠂ ᠣᠷᠳᠣ ᠴᠠᠭᠠᠨ ᠬᠡᠷᠡᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠬᠦᠴᠦ ᠪᠠᠨ ᠬᠠᠮᠲᠤᠳᠬᠠᠨ ᠪᠣᠳᠠᠲᠠᠶ᠂ ᠨᠠᠷᠢᠯᠢᠭ᠂ ᠰᠠᠶᠢᠲᠤᠷ ᠬᠢᠬᠦ ᠬᠡᠷᠡᠭᠲᠡᠶ᠃  
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ