ᠪᠠᠶᠠᠷ ᠤᠨ ᠮᠡᠳᠡᠭᠡ᠄ ︽ᠲᠣᠭᠲᠠᠭᠠᠯ ᠳᠡᠭᠡᠷᠡᠬᠢ︾ ᠠᠵᠤ ᠠᠬᠤᠶᠢᠯᠠᠯ ᠤᠨ ᠡᠩᠨᠡᠭᠡ ᠶᠢ ᠪᠤᠵᠠᠭᠠᠶᠢᠷᠠᠭᠤᠯᠵᠤ ᠰᠢᠨ᠎ᠡ ᠡᠨᠧᠷᠭᠢ ᠶᠢᠨ ᠠᠵᠤ ᠦᠢᠯᠡᠰ ᠲᠤ ᠪᠠᠰᠠ ᠰᠢᠨ᠎ᠡ ᠪᠦᠷᠢᠯᠳᠦᠬᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/4/29
    ᠣᠶᠢᠷ᠎ᠠ ᠳᠤ᠂ ᠬᠤᠸᠠ ᠨᠤᠩ ᠵᠠᠯᠠᠨ ᠠᠶᠢᠯ ᠤᠨ ᠰᠢᠨ᠎ᠡ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠡᠴᠦᠰ ᠤᠨ ᠰᠢᠭᠦᠯᠲᠡ ᠶᠢ ᠤᠷᠤᠭᠰᠢᠲᠠᠶ ᠥᠩᠭᠡᠷᠡᠭᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠬᠡᠪᠴᠢᠶᠡᠨ ᠳᠤ ᠠᠮᠵᠢᠯᠲᠠᠲᠠᠶ ᠣᠷᠣᠭᠤᠯᠤᠭᠰᠠᠨ ᠪᠠᠶᠢᠨ᠎ᠠ᠃ ᠣᠲᠣ ᠪᠣᠯᠲᠠᠯ᠎ᠠ᠂ ᠵᠠᠯᠠᠨ ᠠᠶᠢᠯ ᠬᠤᠲᠠ ᠶᠢᠨ ᠰᠢᠨ᠎ᠡ ᠡᠨᠧᠷᠭᠢ ᠶᠢᠨ ᠲᠥᠯᠥᠪᠵᠢᠭᠦᠯᠭᠡ ᠳᠠᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 3 ᠪᠣᠯᠵᠣ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠶᠡᠷᠦᠩᠬᠡᠶ ᠲᠤᠭ᠎ᠠ 14 ᠪᠣᠯᠵᠣ᠂ ᠮᠠᠨ ᠤ ᠬᠤᠲᠠ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ  ᠦᠢᠯᠡᠰ ᠤᠨ ᠡᠵᠡᠯᠡᠬᠦ ᠬᠠᠷᠢᠴᠠᠯ ᠢ ᠬᠦᠴᠦᠲᠡᠶ ᠳᠡᠭᠡᠭᠰᠢᠯᠡᠭᠦᠯᠪᠡ᠃    ᠡᠨᠡ ᠵᠢᠯ ᠠᠴᠠ ᠨᠠᠰᠢ᠂ ᠬᠤᠳᠠ ᠶᠢᠨ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ  ᠲᠣᠪᠴᠢᠶ᠎ᠠ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠦᠷᠢᠮ ᠢ ᠳᠡᠭᠡᠭᠰᠢᠯᠡᠭᠦᠯᠵᠦ ᠲᠦᠷᠢᠮ ᠳᠤ ᠣᠷᠣᠭᠤᠯᠬᠤ ᠶᠢ ᠠᠵᠤ ᠦᠢᠯᠡᠳᠪᠦᠷᠢ ᠶᠢᠨ ᠠᠵᠤ ᠠᠬᠤᠢ ᠶᠢᠨ  ᠬᠡᠮᠵᠢᠶ᠎ᠡ ᠶᠢ ᠥᠷᠭᠡᠳᠬᠡᠨ ᠪᠠᠭᠲᠠᠭᠠᠮᠵᠢ ᠶᠢ ᠨᠡᠮᠡᠭᠳᠡᠭᠦᠯᠬᠦ ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢᠨ ᠴᠢᠬᠤᠯᠠ ᠭᠠᠷᠳᠠᠴᠠ ᠪᠣᠯᠭᠠᠵᠤ᠂ ᠬᠦᠴᠢᠷᠳᠡᠯ ᠢ ᠰᠢᠢᠳᠪᠦᠷᠢᠯᠡᠬᠦ ᠪᠠ ᠰᠢᠯᠢᠳᠡᠭ ᠢ ᠬᠥᠮᠦᠵᠢᠭᠦᠯᠬᠦ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠲᠦᠷᠦ ᠶᠢᠨ ᠪᠤᠳᠤᠯᠭ᠎ᠠ ᠪᠠᠷ ᠠᠵᠤ ᠠᠬᠤᠶᠢᠯᠠᠯ ᠳᠤ ᠠᠰᠢᠭ ᠬᠦᠷᠲᠡᠭᠡᠬᠦ᠂ ᠦᠢᠯᠡᠴᠢᠯᠡᠭᠡ ᠪᠠᠷ ᠠᠵᠤ ᠠᠬᠤᠶᠢᠯᠠᠯ ᠢ ᠲᠤᠰᠠᠯᠠᠬᠤ᠂ ᠣᠷᠴᠢᠨ ᠲᠣᠭᠤᠷᠢᠨ ᠢᠶᠠᠷ ᠠᠵᠤ ᠠᠬᠤᠶᠢᠯᠠᠯ ᠢ ᠠᠮᠢᠳᠤᠯᠢᠭ ᠪᠣᠯᠭᠠᠬᠤ ᠵᠡᠷᠭᠡ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠢᠢᠷᠠᠬᠤ ᠶᠢ ᠠᠬᠢᠭᠤᠯᠵᠤ᠂ ᠰᠢᠨ᠎ᠡ ᠪᠠᠷ ᠠᠰᠢᠭᠯᠠᠯᠲᠠ ᠳᠤ ᠤᠷᠤᠭᠰᠠᠨ ᠠᠵᠤ ᠠᠬᠤᠶᠢᠯᠠᠯ ᠤᠨ ᠪᠠᠷᠢᠮᠵᠢᠶ᠎ᠠ ᠳᠤ ᠬᠦᠷᠴᠦ ᠲᠦᠷᠢᠮ ᠳᠤ ᠣᠷᠣᠬᠤ ᠶᠢ ᠪᠠᠲᠤᠯᠠᠵᠤ᠂ ᠣᠳᠣᠬᠠᠨ ᠳᠤ ᠠᠵᠤ ᠠᠬᠤᠶᠢᠯᠠᠯ ᠤᠨ ᠲᠣᠭᠲᠠᠭᠠᠯ ᠢ ᠪᠠᠲᠤᠯᠠᠵᠤ ᠲᠣᠭᠲᠠᠭᠠᠯ ᠢ ᠲᠣᠭᠲᠠᠪᠤᠷᠢᠵᠢᠭᠤᠯᠤᠨ᠎ᠠ  ᠃    ᠲᠠᠷᠠᠭᠠᠴᠢ ᠶᠢᠨ ᠠᠯᠬᠤᠮ ᠳᠤ᠂ ᠬᠤᠲᠠ ᠶᠢᠨ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠵᠤ ᠠᠬᠤᠶᠢᠯᠠᠯ ᠤᠨ ᠪᠤᠶᠢᠵᠢᠯᠲᠠ ᠶᠢ ᠵᠢᠯᠣᠭᠤᠳᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠵᠤ ᠠᠬᠤᠶᠢᠯᠠᠯ ᠤᠨ  ᠦᠢᠯᠡᠴᠢᠯᠡᠭᠡᠨ ᠤ ᠡᠷᠴᠢᠮ ᠢᠶᠠᠨ ᠴᠢᠩᠭᠠᠷᠠᠭᠤᠯᠤᠨ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠪᠠᠯᠠ ᠲᠣᠬᠢᠷᠠᠭᠤᠯᠭ᠎ᠠ ᠶᠢᠨ ᠵᠢᠭᠡᠯᠡᠯᠭᠡ᠂ ᠪᠠᠯᠠ ᠮᠥᠩᠭᠦ ᠶᠢᠨ ᠳᠡᠮᠵᠢᠯᠭᠡ ᠵᠡᠷᠭᠡ ᠲᠠᠯ᠎ᠠ ᠳᠤ ᠵᠣᠬᠢᠴᠠᠭᠤᠯᠤᠨ  ᠦᠢᠯᠡᠴᠢᠯᠡᠬᠦ ᠶᠢ ᠰᠠᠶᠢᠲᠤᠷ ᠬᠢᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠤᠨ᠂ ᠪᠥᠬᠦ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃  
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ