︽ᠬᠥᠯᠥᠨ ᠪᠤᠶᠢᠷ · ᠬᠠᠪᠤᠷ ᠤᠨ ᠤᠯᠠᠷᠢᠯ ᠳᠤ ᠬᠢᠩᠭᠠᠨ ᠤ ᠬᠤᠷᠴᠠ ᠤᠯᠠᠭᠠᠨ ᠴᠡᠴᠡᠭ ᠢ ᠰᠣᠨᠢᠷᠬᠠᠨ᠂ ᠲᠠᠩᠰᠤᠭ ᠰᠠᠶᠢᠬᠠᠨ ᠵᠠᠯᠠᠨ ᠢ ᠡᠳ᠋ᠯᠡᠬᠦ ᠪᠠᠷ ᠪᠣᠯᠵᠣᠶ᠎ᠠ︾ ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ᠤᠨ ᠦᠵᠡᠮᠵᠢ ᠶᠢᠨ ᠣᠷᠣᠨ ᠳᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2024/4/29
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠣᠷᠣᠨ ᠨᠤᠲᠤᠭ ᠤᠨ ᠰᠣᠶᠣᠯ ᠤᠨ ᠣᠨᠴᠠᠯᠢᠭ ᠢ ᠢᠯᠡᠷᠡᠭᠦᠯᠵᠦ᠂ ᠦᠵᠡᠮᠵᠢ ᠶᠢᠨ ᠣᠷᠣᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠪᠠᠶᠢᠷᠢᠰᠢᠭᠤᠯᠤᠯᠲᠠ ᠶᠢ ᠪᠠᠶᠠᠯᠢᠭᠵᠢᠭᠤᠯᠵᠤ᠂ ᠬᠤᠳᠠ ᠶᠢᠨ ᠰᠣᠶᠣᠯ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠤ ᠰᠢᠨ᠎ᠡ ᠦᠩᠭᠡ ᠭᠢᠯᠪᠠᠭ᠎ᠠ ᠲᠠᠢ ᠪᠣᠯᠬᠤ ᠶᠢ ᠠᠬᠢᠭᠤᠯᠵᠤ᠂ 4 ᠰᠠᠷ᠎ᠠ ᠶᠢᠨ 20 ᠤ ᠤᠷᠤᠢ᠂ ︽ᠬᠥᠯᠥᠨ ᠪᠤᠶᠢᠷ · ᠬᠠᠪᠤᠷ ᠤᠨ ᠤᠯᠠᠷᠢᠯ ᠳᠤ ᠬᠢᠩᠭᠠᠨ ᠤ ᠬᠤᠷᠴᠠ ᠬᠦᠬᠦᠭᠡ · ᠲᠠᠩᠰᠤᠭ ᠰᠠᠶᠢᠬᠠᠨ ᠵᠠᠯᠠᠨ ᠢ ᠰᠣᠨᠢᠷᠬᠠᠬᠤ︾ ᠤᠯᠠᠭᠠᠨᠮᠥ᠋ᠴᠢᠷ ᠤᠨ ᠦᠵᠡᠮᠵᠢ ᠶᠢᠨ ᠣᠷᠣᠨ ᠳᠤ ᠣᠷᠣᠵᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠶᠢᠩ ᠱᠠᠨ ᠬᠤᠩ ᠠᠮᠢ ᠠᠬᠤᠢ ᠶᠢᠨ ᠴᠡᠴᠡᠷᠯᠢᠭ ᠲᠤ ᠵᠢᠩᠬᠢᠨᠢ ᠪᠠᠷ ᠡᠬᠢᠯᠡᠪᠡ᠃    ᠲᠣᠭᠯᠠᠯᠲᠠ ᠨᠢ ᠬᠦᠷ ᠬᠥᠭᠵᠢᠶᠡᠨ ᠲᠠᠢ ᠡᠬᠢᠯᠡᠯᠲᠡ ᠶᠢᠨ ᠳᠠᠭᠤᠤ ᠪᠥᠵᠢᠭ ︽ᠳᠤᠮᠳᠠᠳᠤ ᠶᠢᠨ ᠯᠣᠣ ᠪᠥᠵᠢᠭ ᠤᠨ ᠡᠬᠢᠯᠡᠯᠲᠡ︾ ᠶᠢᠨ ᠳᠤᠮᠳᠠ ᠬᠥᠰᠢᠭᠡ ᠪᠠᠨ ᠰᠡᠬᠦᠪᠡ᠃ ᠳᠠᠷᠠᠭ᠎ᠠ ᠳᠤᠨᠢ᠂ ᠲᠤᠬᠠᠢ ᠶᠢᠨ ᠲᠠᠯᠠᠪᠠᠢ ᠶᠢᠨ ᠵᠤᠭᠠᠴᠠᠭᠰᠠᠳ ᠲᠤ ︽ᠤᠤᠯ ᠤᠨ ᠳᠠᠭᠤᠤ ᠶᠢ ᠳᠠᠭᠤᠯᠠᠶ᠎ᠠ︾᠂ ︽ᠬᠠᠪᠤᠷ ᠤᠨ ᠠᠭᠤᠯᠠᠨ ᠳᠤ ᠭᠠᠷᠤᠶ᠎ᠠ︾ ᠂ ︽ᠮᠠᠨ ᠤ ᠡᠬᠡ ᠤᠯᠤᠰ ᠤᠨ ᠢᠶᠠᠨ ᠳᠠᠭᠤᠤ ᠴᠡᠴᠡᠭ ᠤᠨ ᠠᠩᠬᠢᠯᠤᠮ᠎ᠠ ᠦᠨᠦᠷ︾ ᠵᠡᠷᠭᠡ ᠠᠯᠢ ᠤᠯᠠᠨ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠲᠠᠯ᠎ᠠ ᠨᠤᠲᠤᠭ ᠤᠨ ᠥᠷᠭᠡᠨ ᠠᠭᠤᠳᠠᠮ ᠰᠦᠷᠯᠢᠭ ᠰᠠᠶᠢᠬᠠᠨ ᠪᠠ ᠠᠷᠠᠳ ᠲᠦᠮᠡᠨ ᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠭᠦᠢᠴᠡᠳ ᠬᠠᠷᠠᠭᠤᠯᠵᠠᠢ᠃ ᠬᠦᠭᠵᠢᠮᠳᠡᠬᠦᠷ ᠤᠨ ᠬᠥᠭᠵᠢᠮ ᠤᠨ ᠲᠣᠭᠯᠠᠯᠲᠠ ︽ᠪᠣᠭᠤᠮᠲᠠ ᠶᠢᠨ ᠭᠠᠳᠠᠨᠠᠬᠢ ᠰᠦᠵᠧᠦ ᠬᠠᠩᠵᠧᠦ ᠶᠢᠨ ᠮᠤᠵᠠᠯᠠᠨ︾ ᠨᠢ ᠤᠯᠠᠮᠵᠢᠯᠠᠯᠲᠤ ᠬᠦᠭᠵᠢᠮᠳᠡᠬᠦᠷ ᠪᠠ ᠣᠳᠣ ᠦᠶ᠎ᠡ ᠶᠢᠨ ᠳᠠᠭᠤᠤ ᠬᠥᠭᠵᠢᠮ ᠢ ᠲᠡᠭᠦᠯᠳᠡᠷ ᠰᠠᠶᠢᠬᠠᠨ ᠠᠭᠤᠰᠬᠠᠵᠤ᠂ ᠦᠵᠡᠭᠴᠢᠳ ᠲᠤ ᠥᠪᠡᠷᠮᠢᠴᠡ ᠰᠠᠶᠢᠬᠠᠨ ᠰᠣᠨᠣᠷ ᠤᠨ ᠬᠦᠷᠲᠡᠭᠡᠯ ᠣᠯᠭᠤᠭᠰᠠᠨ ᠶᠤᠮ᠃ ᠪᠦᠬᠦ᠋ᠢᠯᠡ ᠲᠣᠭᠯᠠᠯᠲᠠ ᠨᠢ ᠨᠡᠶᠢᠲᠡ 13 ᠰᠣᠳᠣᠨ ᠤᠷᠠᠨ ᠰᠠᠶᠢᠬᠠᠨ ᠤ ᠲᠣᠭᠯᠠᠯᠲᠠ ᠭᠠᠷᠭᠠᠵᠠᠶ᠃    ᠳᠠᠷᠠᠭᠠᠴᠢ ᠶᠢᠨ ᠠᠯᠬᠤᠮ ᠳᠤ᠂ ᠵᠠᠯᠠᠨ ᠠᠶᠢᠯ ᠬᠤᠳᠠ ᠶᠢᠨ ᠤᠯᠠᠭᠠᠨᠮᠥ᠋ᠴᠢᠷ ᠤᠨ ᠬᠢᠨ ᠤᠳᠬ᠎ᠠ ᠤᠷᠠᠯᠢᠭ ᠤᠨ ᠬᠦᠴᠦᠨ ᠢᠶᠠᠷ ᠥᠷᠭᠡᠨ ᠤᠯᠠᠨ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ ᠨᠠᠮ ᠤᠨ ᠶᠡᠷᠦ ᠪᠤᠰᠤ ᠶᠢᠨ ᠲᠡᠦᠬᠡᠨ ᠶᠠᠪᠤᠴᠠ ᠠᠴᠠ ᠤᠶᠤᠨ ᠤᠬᠠᠭᠠᠨ ᠪᠠ ᠬᠦᠴᠦᠨ ᠴᠢᠳᠠᠯ ᠣᠯᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ︽ᠬᠤᠪᠢᠰᠬᠠᠯᠲᠤ ᠤᠳᠬ᠎ᠠ ᠤᠷᠠᠯᠢᠭ ᠤᠨ ᠬᠦᠩᠬᠡᠨ ᠮᠣᠷᠢᠲᠤ ᠴᠡᠷᠢᠭ︾ ᠤᠨ ᠬᠦᠴᠦᠨ ᠴᠢᠳᠠᠯ ᠢᠶᠠᠨ ᠡᠷᠭᠦᠬᠦ ᠶᠢ ᠢᠮᠠᠭᠲᠠ ᠪᠠᠷᠢᠮᠲᠠᠯᠠᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ