ᠪᠥᠬᠦ ᠤᠯᠤᠰ ᠲᠤ 100 ᠣᠷᠴᠢᠮ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ︽ᠳᠠᠭᠠᠭᠤᠯᠤᠭᠴᠢ ᠰᠢᠶᠠᠨ︾ ᠢ ᠪᠤᠶᠢᠵᠢᠭᠤᠯᠵᠤ᠂ 1000 | ᠣᠷᠴᠢᠮ ᠰᠢᠶᠠᠨ ᠤ ᠬᠡᠪᠴᠢᠶᠡᠨ ᠳᠠᠬᠢ ᠳ᠋ᠢᠭᠢᠲ᠋ᠠᠯᠴᠢᠯᠠᠭᠰᠠᠨ ᠭᠦᠢᠯᠭᠡᠭᠡᠨ ᠤ ᠬᠦᠲᠦᠴᠢ ᠠᠵᠤ ᠠᠬᠤᠶᠢᠯᠠᠯ ᠢ ᠪᠤᠶᠢᠵᠢᠭᠤᠯᠤᠨ᠂ 1000 ᠣᠷᠴᠢᠮ ᠰᠢᠶᠠᠨ ᠤ | ᠬᠡᠪᠴᠢᠶᠡᠨ ᠳᠠᠬᠢ ᠰᠢᠭᠤᠳ ᠨᠡᠪᠲᠡᠷᠡᠭᠦᠯᠭᠡ ᠶᠢᠨ ᠡᠯᠧᠺᠳ᠋ᠷᠣᠨ ᠬᠤᠳᠠᠯᠳᠤᠭᠠᠨ ᠤ ᠰᠠᠭᠤᠷᠢᠨ ᠢ ᠪᠠᠶᠢᠭᠤᠯᠵᠤ᠂ 10000 ᠣᠷᠴᠢᠮ ᠬᠥᠳᠡᠭᠡ ᠲᠣᠰᠬᠤᠨ ᠤ | ᠡᠯᠧᠺᠳ᠋ᠷᠣᠨ ᠬᠤᠳᠠᠯᠳᠤᠭᠠᠨ ᠤ ᠳᠠᠭᠠᠭᠤᠯᠤᠭᠴᠢ ᠶᠢ ᠪᠤᠶᠢᠵᠢᠭᠤᠯᠤᠨ᠎ᠠ ᠁ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ 9 ᠰᠠᠯᠠᠭ᠎ᠠ ᠮᠥᠴᠢᠷ ᠣᠶᠢᠷ᠎ᠠ ᠳᠤ ︽ | ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ︵ᠳᠣᠷᠣᠭᠰᠢ ︽ᠰᠠᠨᠠᠯ︾ | ᠭᠡᠵᠦ ᠲᠣᠪᠴᠢᠯᠠᠪᠠ︶ ᠢ ᠳᠠᠷᠤᠮᠠᠯᠯᠠᠨ ᠲᠠᠷᠬᠠᠭᠠᠵᠤ᠂ ᠳᠡᠭᠡᠷᠡᠬᠢ 5 ᠵᠢᠯ ᠤᠨ ᠬᠤᠭᠤᠴᠠᠭᠠᠲᠤ ᠡᠭᠦᠷᠭᠡ ᠶᠢᠨ ᠬᠠᠷᠠᠯᠲᠠ ᠶᠢ ᠳᠤᠷᠠᠳᠪᠠ᠃ ᠬᠤᠳᠠᠯᠳᠤᠭᠠᠨ ᠤ | ᠶᠠᠪᠤᠳᠠᠯ ᠤᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠭᠠᠵᠠᠷ ᠣᠷᠣᠨ ᠲᠠᠢ | ᠬᠠᠮᠲᠤ ᠪᠠᠷ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠴᠢᠨᠠᠷ ᠰᠠᠶᠢᠲᠠᠢ ᠬᠥᠭᠵᠢᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ ᠰᠢᠶᠠᠨ ᠰᠢᠶᠠᠩ | ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠶᠠᠪᠤᠳᠠᠯ ᠪᠠ ᠲᠦᠷᠭᠡᠨ ᠢᠯᠡᠭᠡᠯᠲᠡ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠶᠢ | ᠲᠦᠷᠭᠡᠳᠬᠡᠨ ᠨᠠᠪᠲᠠᠷᠡᠭᠦᠯᠵᠦ᠂ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭ᠎ᠠ ᠬᠢᠭᠡᠳ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠤᠨ ᠬᠠᠮᠵᠢᠯᠴᠠᠨ | ᠬᠥᠭᠵᠢᠬᠦ ᠶᠢ ᠬᠥᠲᠥᠯᠥᠨ ᠵᠢᠯᠤᠭᠤᠳᠴᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠦᠴᠦᠨ ᠨᠡᠮᠡᠷᠢᠯᠡᠨ᠎ᠡ ᠭᠡᠵᠡᠢ | ᠃ | 3000 ᠰᠢᠬᠠᠮ ᠰᠢᠶᠠᠨ ᠤ ᠱᠠᠲᠤᠨ ᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ ᠢ ᠪᠠᠶᠢᠭᠤᠯᠪᠠ | ᠬᠤᠳᠠᠯᠳᠤᠭᠠᠨ ᠤ ᠶᠠᠪᠤᠳᠠᠯ ᠤᠨ ᠲᠣᠮᠣ ᠳ᠋ᠠᠶᠢᠲ᠋ᠠ ᠶᠢᠨ ᠬᠢᠨᠠᠨ ᠬᠡᠮᠵᠢᠯᠲᠡ ᠶᠢ ᠦᠨᠳᠦᠰᠦᠯᠡᠪᠡᠯ᠂ 2023 ᠣᠨ ᠳᠤ᠂ ᠪᠥᠬᠦ ᠤᠯᠤᠰ ᠤᠨ ᠬᠥᠳᠡᠭᠡ | ᠲᠣᠰᠬᠤᠨ ᠤ ᠰᠦᠯᠵᠢᠶ᠎ᠡ ᠪᠠᠷ ᠵᠢᠵᠢᠭᠯᠡᠨ ᠪᠣᠷᠣᠯᠠᠭᠤᠯᠤᠭᠰᠠᠨ ᠲᠤᠭ᠎ᠠ 2.5 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 12.9% ᠪᠠᠷ ᠨᠡᠮᠡᠭᠳᠡᠨ᠂ 2014 ᠣᠨ ᠤ ᠬᠢ ᠠᠴᠠ 13 ᠳᠠᠬᠢᠨ ᠰᠢᠬᠠᠮ ᠨᠡᠮᠡᠭᠳᠡᠵᠡᠢ︔ ᠪᠥᠬᠦ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ | ᠰᠦᠯᠵᠢᠶ᠎ᠡ ᠪᠠᠷ ᠵᠢᠵᠢᠭᠯᠡᠨ ᠪᠣᠷᠣᠯᠠᠭᠤᠯᠤᠭᠰᠠᠨ ᠲᠤᠭ᠎ᠠ 5870.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.5% ᠪᠠᠷ | ᠨᠡᠮᠡᠭᠳᠡᠨ᠂ ᠪᠠᠷᠤᠭ 2014 ᠣᠨ ᠤ 5 ᠳᠠᠬᠢᠨ ᠪᠣᠯᠵᠠᠢ᠃ | ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠦᠢᠯᠭᠡᠭᠡᠨ ᠤ ᠬᠦᠭᠵᠢᠭᠦᠯᠦᠯᠲᠡ ᠶᠢᠨ ᠵᠤᠷᠭᠠᠨ ᠤ ᠬᠠᠷᠢᠭᠤᠴᠠᠯᠭᠠᠲᠠᠨ ᠤ ᠬᠡᠯᠡᠬᠦ ᠪᠠᠷ᠂ ᠬᠥᠳᠡᠭᠡ ᠲᠣᠰᠬᠤᠨ ᠤ | ᠡᠯᠧᠺᠳ᠋ᠷᠣᠨ ᠬᠤᠳᠠᠯᠳᠤᠭ᠎ᠠ ᠶᠢ ᠬᠥᠭᠵᠢᠭᠦᠯᠬᠦ ᠨᠢ ᠬᠤᠳᠠᠯᠳᠤᠭᠠᠨ ᠤ ᠵᠠᠭᠪᠤᠷ ᠤᠨ ᠰᠢᠨ᠎ᠡ ᠶᠢ ᠡᠭᠦᠳᠬᠦ᠂ ᠬᠥᠳᠡᠭᠡ ᠲᠣᠰᠬᠤᠨ ᠤ ᠤᠳᠤ ᠦᠶ᠎ᠡ ᠶᠢᠨ ᠭᠦᠢᠯᠭᠡᠭᠡᠨ ᠤ | ᠲᠣᠭᠲᠠᠯᠴᠠᠭ᠎ᠠ ᠶᠢ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠲᠠᠷᠢᠶᠠᠯᠠᠩ ᠠᠵᠤ ᠠᠬᠤᠢ ᠶᠢᠨ ᠬᠥᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ᠂ | ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠪᠦᠲᠦᠮᠵᠢᠲᠡᠢ ᠭᠠᠷᠳᠠᠴᠠ ᠮᠥᠨ᠂ ᠬᠥᠳᠡᠭᠡ ᠲᠣᠰᠬᠤᠨ ᠤ ᠬᠡᠷᠡᠭᠯᠡᠭᠡ ᠶᠢ ᠠᠬᠢᠭᠤᠯᠬᠤ᠂ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠬᠤ ᠬᠦᠴᠦᠲᠡᠢ ᠲᠤᠰᠠᠯᠠᠮᠵᠢ ᠮᠥᠨ ᠭᠡᠵᠡᠢ᠃ ᠣᠶᠢᠷ᠎ᠠ ᠶᠢᠨ ᠵᠢᠯ ᠤᠳ ᠲᠤ᠂ | ᠬᠤᠳᠠᠯᠳᠤᠭᠠᠨ ᠤ ᠶᠠᠪᠤᠳᠠᠯ ᠤᠨ ᠶᠠᠮᠤᠨ ᠡᠳ᠋ ᠤᠨ ᠵᠠᠰᠠᠭ ᠤᠨ ᠶᠠᠮᠤᠨ ᠵᠡᠷᠭᠡ ᠰᠠᠯᠠᠭ᠎ᠠ ᠮᠥᠴᠢᠷ ᠤᠳ ᠲᠠᠢ ᠬᠠᠮᠲᠤᠷᠠᠨ ᠡᠯᠧᠺᠳ᠋ᠷᠣᠨ ᠬᠤᠳᠠᠯᠳᠤᠭᠠᠨ ᠤ ᠶᠠᠪᠤᠳᠠᠯ ᠢ | ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠦᠯᠲᠡ ᠶᠢ ᠬᠡᠷᠡᠭᠵᠢᠭᠦᠯᠵᠦ᠂ ᠨᠡᠶᠢᠲᠡ 1489 ᠰᠢᠶᠠᠨ ᠳᠤ ᠰᠢᠶᠠᠨ ᠤ ᠱᠠᠲᠤᠨ ᠤ | ᠡᠯᠧᠺᠳ᠋ᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ᠂ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ 3000 ᠰᠢᠬᠠᠮ | ᠪᠠᠶᠢᠭᠤᠯᠵᠤ᠂ ᠲᠣᠰᠬᠤᠨ ᠤ ᠱᠠᠲᠤᠨ ᠤ ᠡᠯᠧᠺᠳ᠋ᠷᠣᠨ ᠬᠤᠳᠠᠯᠳᠤᠭᠠᠨ ᠤ ᠦᠢᠯᠡᠴᠢᠯᠡᠭᠡᠨ ᠤ ᠥᠷᠲᠡᠭᠡ 15.8 ᠲᠦᠮᠡ ᠶᠢ ᠳᠠᠪᠠᠵᠤ᠂ ᠰᠢᠶᠠᠨ ᠬᠥᠳᠡᠭᠡ ᠲᠣᠰᠬᠤᠨ ᠢ | ᠬᠠᠮᠤᠷᠤᠭᠰᠠᠨ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡ ᠪᠠ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ | ᠲᠣᠭᠲᠠᠯᠴᠠᠭ᠎ᠠ ᠶᠢ ᠪᠠᠶᠢᠭᠤᠯᠪᠠ᠃ ︽ᠰᠠᠨᠠᠯ︾ ᠢ ᠳᠠᠷᠤᠮᠠᠯᠯᠠᠨ ᠲᠠᠷᠬᠠᠭᠠᠭᠰᠠᠨ ᠨᠢ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭ᠎ᠠ ᠶᠢ ᠬᠦᠲᠦᠯᠦᠨ | ᠵᠢᠯᠣᠭᠤᠳᠴᠤ ᠪᠠᠶᠢᠭᠠᠳ ᠳ᠋ᠢᠭᠢᠲ᠋ᠠᠯᠴᠢᠯᠠᠭᠰᠠᠨ ᠲᠡᠶᠢᠰᠢ ᠬᠡᠯᠪᠡᠷᠢ ᠪᠠᠨ ᠬᠤᠪᠢᠷᠠᠭᠤᠯᠤᠨ ᠢᠭᠲᠤᠷᠢᠭᠤᠯᠬᠤ ᠶᠢ ᠪᠡᠶᠡᠯᠡᠭᠦᠯᠬᠦ ᠳᠤ ᠠᠰᠢᠭᠲᠠᠢ᠂ ᠪᠠᠰᠠ ᠲᠠᠷᠢᠶᠠᠴᠢᠳ ᠤᠨ | ᠣᠷᠣᠯᠭ᠎ᠠ ᠪᠠ ᠬᠥᠳᠡᠭᠡ ᠲᠣᠰᠬᠤᠨ ᠤ ᠬᠡᠷᠡᠭᠯᠡᠭᠡ ᠬᠤᠣᠰ ᠳᠡᠭᠡᠭᠰᠢᠯᠡᠯᠲᠡ ᠳᠤ ᠬᠦᠴᠦᠨ ᠨᠡᠮᠡᠷᠢᠯᠡᠬᠦ ᠳᠤ ᠠᠰᠢᠭᠲᠠᠢ ᠶᠤᠮ᠃ | ︽ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭ᠎ᠠ ᠶᠢᠨ ᠬᠥᠭᠵᠢᠯᠲᠡ ᠨᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ︾ | ᠬᠤᠳᠠᠯᠳᠤᠭᠠᠨ ᠤ ᠶᠠᠪᠤᠳᠠᠯ ᠤᠨ ᠶᠠᠮᠤᠨ ᠤ ᠤᠯᠠᠨ ᠤᠯᠤᠰ ᠤᠨ ᠠᠷᠠᠯᠵᠢᠶ᠎ᠠ ᠠᠵᠤ ᠠᠬᠤᠢ ᠶᠢᠨ ᠬᠠᠮᠲᠤᠷᠠᠯᠴᠠᠭᠠᠨ ᠤ ᠰᠤᠳᠤᠯᠭᠠᠨ ᠤ ᠬᠦᠷᠢᠶᠡᠯᠡᠩ ᠤᠨ ᠭᠦᠢᠯᠭᠡᠭᠡ | ᠬᠢᠭᠡᠳ ᠬᠡᠷᠡᠭᠯᠡᠭᠡᠨ ᠤ ᠰᠤᠳᠤᠯᠭᠠᠨ ᠤ ᠭᠠᠵᠠᠷ ᠤᠨ ᠳᠠᠷᠤᠭ᠎ᠠ ᠳ᠋ᠦᠩ ᠴᠤᠤ ᠶᠢᠨ ᠦᠵᠡᠬᠦ ᠪᠠᠷ᠂ ᠣᠶᠢᠷ᠎ᠠ ᠶᠢᠨ ᠵᠢᠯ ᠤᠳ ᠠᠴᠠ ᠨᠠᠭᠠᠰᠢ ᠤᠯᠤᠰ ᠠᠴᠠ ᠵᠠᠯᠭᠠᠭ᠎ᠠ ᠪᠠᠷ | ᠤᠯᠠᠨ ᠵᠦᠢᠯ ᠤᠨ ᠲᠦᠷᠦ ᠶᠢᠨ ᠪᠣᠳᠣᠯᠭ᠎ᠠ ᠶᠢᠨ ᠠᠷᠭ᠎ᠠ ᠪᠠᠷᠢᠯ ᠲᠣᠭᠲᠠᠭᠠᠵᠤ ᠬᠥᠳᠡᠭᠡ ᠲᠣᠰᠬᠤᠨ ᠤ ᠭᠠᠵᠠᠷ ᠣᠷᠣᠨ ᠤ ᠰᠢᠭᠤᠳ ᠨᠡᠪᠲᠡᠷᠡᠭᠦᠯᠭᠡ ᠶᠢᠨ ᠡᠯᠧᠺᠳ᠋ᠷᠣᠨ | ᠬᠤᠳᠠᠯᠳᠤᠭᠠᠨ ᠤ ᠬᠥᠭᠵᠢᠯᠲᠡ ᠶᠢ ᠠᠬᠢᠭᠤᠯᠵᠤ᠂ ᠪᠡᠯᠡ ᠮᠥᠩᠭᠦ᠂ ᠮᠡᠷᠭᠡᠵᠢᠯ ᠤᠷᠠᠯᠠᠯ᠂ ᠪᠡᠯᠡᠳᠬᠡᠮᠵᠢ ᠲᠥᠬᠦᠭᠡᠷᠦᠮᠵᠢ᠂ ᠮᠡᠷᠭᠡᠵᠢᠯᠲᠡᠨ ᠵᠡᠷᠭᠡ ᠤᠯᠠᠨ ᠲᠠᠯ᠎ᠠ ᠪᠠᠷ | ᠪᠦᠬᠦ ᠲᠠᠯ᠎ᠠ ᠶᠢᠨ ᠳᠡᠮᠵᠢᠯᠭᠡ ᠬᠠᠩᠭᠠᠵᠠᠢ᠃ ︽ᠲᠥᠷᠥ ᠶᠢᠨ ᠪᠣᠳᠣᠯᠭ᠎ᠠ ᠶᠢᠨ ᠠᠰᠢᠭ ᠲᠠᠰᠤᠯᠳᠠᠯ ᠦᠭᠡᠢ ᠪᠠᠶᠢᠵᠤ᠂ ᠬᠥᠳᠡᠭᠡ ᠲᠣᠰᠬᠤᠨ ᠤ ᠡᠯᠧᠺᠳ᠋ᠷᠣᠨ | ᠬᠤᠳᠠᠯᠳᠤᠭ᠎ᠠ ᠳᠤ ᠴᠤ ᠮᠠᠰᠢ ᠣᠯᠠᠨ ᠰᠢᠨ᠎ᠡ ᠣᠨᠴᠠᠯᠢᠭ ᠪᠠ ᠬᠢᠯᠠᠰ ᠴᠡᠭ ᠢᠯᠡᠷᠡᠵᠡᠢ᠂ ᠵᠢᠱᠢᠶᠡᠯᠡᠪᠡᠯ ᠵᠡᠭᠦᠨ ᠳᠤᠮᠳᠠ ᠪᠠᠷᠠᠭᠤᠨ ᠬᠡᠰᠡᠭ ᠤᠨ ᠭᠠᠵᠠᠷ | ᠣᠷᠣᠨ ᠨᠤᠭᠤᠳ ᠲᠤ ᠪᠥᠬᠦ ᠲᠠᠯ᠎ᠠ ᠪᠠᠷ ᠬᠥᠭᠵᠢᠭᠰᠡᠨ᠂ ᠡᠯᠧᠺᠳ᠋ᠷᠣᠨ ᠬᠤᠳᠠᠯᠳᠤᠭ᠎ᠠ ᠶᠢᠨ ᠪᠣᠭᠤᠮᠢ ᠶᠢ ᠲᠠᠰᠤᠷᠠᠯᠲᠠ ᠦᠭᠡᠢ ᠰᠢᠪᠲᠤᠯᠤᠭᠰᠠᠨ᠂ ᠰᠢᠨ᠎ᠡ ᠬᠡᠯᠪᠡᠷᠢ ᠶᠢᠨ | ᠡᠯᠧᠺᠳ᠋ᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠨᠠᠶᠢᠳᠠᠪᠤᠷᠢᠵᠢᠭᠤᠯᠤᠭᠰᠠᠨ᠂ ᠨᠠᠷᠠᠲᠤ ᠲᠡᠮᠳᠡᠭᠲᠦ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠤᠭᠰᠠᠨ | ᠵᠡᠷᠭᠡ ᠪᠣᠯᠣᠨ᠎ᠠ᠃︾ ᠭᠡᠵᠦ ᠳ᠋ᠦᠩ ᠴᠤᠤ ᠬᠡᠯᠡᠪᠡ᠃ | ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠶᠢᠨ ᠲᠣᠭᠲᠠᠯᠴᠠᠭ᠎ᠠ ᠶᠢ ᠪᠦᠷᠢᠨᠰᠢᠭᠦᠯᠪᠡ | ︽ᠰᠠᠨᠠᠯ︾ ᠳᠤ᠂ 5 ᠵᠢᠯ ᠤᠨ ᠬᠤᠭᠤᠴᠠᠭ᠎ᠠ ᠶᠢ ᠬᠡᠷᠡᠭᠯᠡᠵᠦ ᠪᠠᠶᠢᠭᠠᠳ ᠪᠡᠯᠡᠳᠬᠡᠮᠵᠢ ᠨᠢ ᠪᠦᠷᠢᠨ ᠲᠡᠭᠦᠯᠳᠡᠷ᠂ ᠭᠤᠣᠯ ᠴᠣᠭᠴᠠ ᠨᠢ ᠬᠥᠭᠵᠢᠶᠡᠨᠲᠡᠢ᠂ | ᠭᠦᠢᠯᠭᠡᠭᠡ ᠨᠢ ᠤᠷᠤᠭᠰᠢᠲᠠᠢ᠂ ᠦᠢᠯᠡᠴᠢᠯᠡᠭᠡ ᠨᠢ ᠥᠨᠳᠥᠷ ᠪᠦᠲᠦᠮᠵᠢᠲᠡᠶ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠦᠢᠯᠡᠴᠢᠯᠡᠭᠡᠨ ᠤ | ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠤᠨ᠎ᠠ ᠭᠡᠵᠦ ᠲᠣᠳᠣᠷᠬᠠᠶᠢᠯᠠᠵᠠᠢ᠃ ᠪᠣᠳᠠᠲᠠᠢ ᠪᠠᠷ ᠶᠠᠭᠠᠬᠢᠵᠤ ᠬᠢᠬᠦ ᠪᠣᠶ︖ ᠬᠥᠳᠡᠭᠡ ᠲᠣᠰᠬᠤᠨ ᠤ ᠤᠳᠤ | ᠦᠶ᠎ᠡ ᠶᠢᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠬᠦ ᠨᠢ ᠵᠠᠩᠭᠢᠯᠠᠭ᠎ᠠ ᠪᠣᠯᠣᠨ᠎ᠠ᠃ | — ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ︽ᠰᠠᠨᠠᠯ︾ ᠳᠤ | ᠳᠤᠷᠠᠳᠤᠭᠰᠠᠨ ᠨᠢ᠂ ᠰᠢᠶᠠᠨ ᠤ ᠱᠠᠲᠤᠨ ᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ ︵ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ︶᠂ | ᠰᠢᠶᠠᠩ ᠪᠠᠯᠭᠠᠰᠤᠨ ᠤ ᠲᠦᠷᠭᠡᠨ ᠢᠯᠡᠭᠡᠯᠲᠡ ᠶᠢᠨ ᠲᠣᠣᠷ ᠴᠡᠭ ᠤᠨ ᠳ᠋ᠢᠭᠢᠲ᠋ᠠᠯᠴᠢᠯᠠᠭᠰᠠᠨ ᠥᠭᠡᠷᠡᠴᠢᠯᠡᠯᠲᠡ ᠶᠢ ᠠᠬᠢᠭᠤᠯᠵᠤ᠂ ᠤᠶᠤᠨᠲᠦ ᠬᠥᠮᠥᠷᠭᠡᠯᠡᠨ ᠬᠠᠳᠠᠭᠠᠯᠠᠬᠤ᠂ | ᠠᠦ᠋ᠲ᠋ᠣ᠋ ᠢᠯᠭᠠᠬᠤ᠂ ᠷᠠᠳᠢᠣ᠋ ᠳᠠᠪᠲᠠᠮᠵᠢ ᠪᠠᠷ ᠢᠯᠭᠠᠨ ᠲᠠᠨᠢᠬᠤ᠂ ᠰᠢᠨ᠎ᠡ ᠡᠨᠧᠷᠭᠢ ᠶᠢᠨ ᠲᠣᠬᠢᠷᠠᠭᠤᠯᠤᠨ ᠬᠦᠷᠭᠡᠬᠦ ᠲᠡᠷᠭᠡ ᠵᠡᠷᠭᠡ ᠪᠡᠯᠡᠳᠬᠡᠮᠵᠢ ᠶᠢ ᠲᠡᠭᠦᠯᠳᠡᠷᠵᠢᠭᠦᠯᠵᠦ | ᠂ ᠲᠣᠰᠬᠤᠨ ᠤ ᠱᠠᠲᠤᠨ ᠤ ᠲᠣᠬᠢᠷᠠᠭᠤᠯᠤᠨ ᠬᠦᠷᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠠᠮ ᠬᠠᠷᠢᠯᠴᠠᠭ᠎ᠠ ᠳᠥᠭᠦᠮ ᠳᠥᠲᠡ᠂ ᠡᠯ᠎ᠡ ᠭᠦᠢᠯᠭᠡᠭᠡᠨ ᠤ | ᠭᠤᠣᠯ ᠴᠣᠭᠴᠠ ᠶᠢᠨ ᠠᠭᠤᠰᠤᠯᠴᠠᠨ ᠬᠥᠭᠵᠢᠬᠦ ᠳᠤ ᠠᠰᠢᠭᠲᠠᠢ ᠣᠷᠣᠨ ᠪᠠᠶᠢᠷᠢ ᠳᠤ ᠰᠢᠶᠠᠨ ᠤ ᠱᠠᠲᠤᠨ ᠳᠤ ᠢᠯᠡᠭᠡᠬᠦ ᠣᠯᠠᠨ ᠨᠡᠶᠢᠲᠡ ᠶᠢᠨ ᠲᠣᠬᠢᠷᠠᠭᠤᠯᠤᠨ | ᠬᠦᠷᠭᠡᠬᠦ ᠲᠥᠪ ᠪᠠᠶᠢᠭᠤᠯᠬᠤ ᠶᠢ ᠳᠡᠮᠵᠢᠨ᠎ᠡ᠃ ᠡᠭᠦᠨ ᠤ ᠬᠠᠮᠲᠤ᠂ ᠬᠥᠳᠡᠭᠡ ᠲᠣᠰᠬᠤᠨ ᠤ ᠠᠶᠠᠨᠴᠢᠳ ᠪᠠᠷᠠᠭ᠎ᠠ ᠰᠢᠤᠳᠠᠨ ᠠᠭᠤᠰᠤᠯᠴᠠᠭᠰᠠᠨ ᠥᠷᠲᠡᠭᠡᠨ ᠤ | ᠪᠠᠶᠢᠭᠤᠯᠤᠯᠲᠠ ᠶᠢ ᠠᠬᠢᠭᠤᠯᠵᠤ᠂ ︽ᠨᠢᠭᠡ ᠥᠷᠲᠡᠭᠡ ᠳᠤ ᠣᠯᠠᠨ ᠴᠢᠳᠠᠪᠤᠷᠢ ᠲᠠᠢ᠂ ᠨᠢᠭᠡ ᠲᠣᠣᠷ ᠲᠤ ᠣᠯᠠᠨ ᠬᠡᠷᠡᠭᠴᠡᠭᠡ ᠲᠠᠢ︾ ᠪᠠᠶᠢᠬᠤ ᠶᠢ ᠪᠡᠶᠡᠯᠡᠭᠦᠯᠦᠨ᠎ᠡ᠃ | ︽ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠤᠶᠤᠨᠲᠦ ᠢᠯᠡᠭᠡᠯᠲᠡ ᠶᠢᠨ ᠬᠤᠷᠭᠤ ᠶᠢᠨ ᠪᠠᠶᠢᠷᠢᠯᠠᠭᠤᠯᠤᠯᠲᠠ ᠪᠠᠨ ᠲᠡᠭᠦᠯᠳᠡᠷᠵᠢᠭᠦᠯᠬᠦ ᠶᠢ ᠳᠡᠮᠵᠢᠵᠦ᠂ ᠬᠥᠳᠡᠭᠡ | ᠲᠣᠰᠬᠤᠨ ᠤ ᠪᠠᠷᠠᠭᠠᠨ ᠤ ᠭᠦᠢᠯᠭᠡᠭᠡᠨ ᠤ ᠳᠦᠭᠦᠮ ᠤᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃︾ ᠭᠡᠵᠦ ᠳ᠋ᠦᠩ ᠴᠤᠤ ᠬᠡᠯᠡᠪᠡ᠃ | — ᠬᠥᠳᠡᠭᠡ ᠲᠣᠰᠬᠤᠨ ᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠰᠢᠨᠡᠴᠢᠯᠡᠯᠲᠡ ᠬᠥᠭᠵᠢᠯᠲᠡ ᠶᠢ ᠠᠬᠢᠭᠤᠯᠤᠨ᠎ᠠ᠃ ︽ | ᠰᠠᠨᠠᠯ︾ ᠳᠤ᠂ ᠰᠢᠶᠠᠨ ᠤ ᠬᠡᠪᠴᠢᠶᠡᠨ ᠤ ᠲᠣᠮᠣ ᠬᠡᠯᠪᠡᠷᠢ ᠶᠢᠨ ᠠᠷᠠᠯᠵᠢᠶ᠎ᠠ ᠬᠤᠳᠠᠯᠳᠤᠭ᠎ᠠ ᠭᠦᠢᠯᠭᠡᠭᠡᠨ ᠤ ᠠᠵᠤ ᠠᠬᠤᠶᠢᠯᠠᠯ ᠵᠡᠷᠭᠡ ᠥᠪᠡᠰᠦᠪᠡᠨ ᠪᠠᠶᠢᠭᠤᠯᠤᠭᠰᠠᠨ | ᠪᠠᠷᠠᠭᠠᠨ ᠤ ᠭᠦᠢᠯᠭᠡᠭᠡᠨ ᠤ ᠳᠠᠪᠠᠭᠤᠯᠢᠭ ᠢ ᠪᠠᠳᠠᠷᠠᠭᠤᠯᠵᠤ᠂ ᠡᠯᠧᠺᠳ᠋ᠷᠣᠨ ᠬᠤᠳᠠᠯᠳᠤᠭᠠᠨ ᠤ ᠲᠠᠪᠴᠠᠩ ᠪᠠ ᠳᠤᠮᠳᠠ ᠵᠢᠵᠢᠭ ᠬᠤᠳᠠᠯᠳᠤᠭᠠᠨ ᠤ ᠡᠷᠦᠬᠡ ᠳᠤ | ᠬᠠᠨᠳᠤᠭᠤᠯᠤᠨ᠂ ᠭᠡᠷ ᠤᠨ ᠴᠠᠬᠢᠯᠭᠠᠨ ᠬᠡᠷᠡᠭᠰᠡᠯ᠂ ᠪᠠᠷᠢᠯᠭ᠎ᠠ ᠶᠢᠨ ᠮᠠᠲ᠋ᠧᠷᠢᠶᠠᠯ᠂ ᠲᠠᠷᠢᠶᠠᠯᠠᠩ ᠤᠨ ᠬᠡᠷᠡᠭᠰᠡᠯ᠂ ᠲᠠᠷᠢᠶᠠᠯᠠᠩ ᠤᠨ ᠪᠦᠲᠦᠭᠡᠭᠳᠡᠬᠦᠨ ᠵᠡᠷᠭᠡ ᠭᠤᠷᠪᠠᠳᠠᠭᠢ | ᠡᠲᠡᠭᠡᠳ ᠤᠨ ᠲᠣᠬᠢᠷᠠᠭᠤᠯᠤᠨ ᠬᠥᠷᠭᠡᠯᠲᠡ ᠶᠢ ᠬᠠᠩᠭᠠᠬᠤ ᠬᠡᠷᠡᠭᠲᠡᠢ᠃ ᠡᠯᠧᠺᠳ᠋ᠷᠣᠨ ᠬᠤᠳᠠᠯᠳᠤᠭᠠᠨ ᠤ ᠲᠠᠪᠴᠠᠩ᠂ ᠲᠣᠮᠣ ᠬᠡᠯᠪᠡᠷᠢ ᠶᠢᠨ ᠠᠷᠠᠯᠵᠢᠶ᠎ᠠ | ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠨᠥᠬᠦᠴᠡᠯ ᠪᠦᠷᠢᠳᠦᠭᠰᠡᠨ ᠰᠢᠶᠠᠨ ᠤ ᠬᠤᠲᠠ ᠳᠤ ᠲᠡᠷᠡ ᠳᠠᠷᠤᠢ ᠳᠤ ᠨᠢ ᠵᠢᠵᠢᠭᠯᠡᠨ ᠪᠣᠷᠣᠯᠠᠭᠤᠯᠬᠤ ᠶᠢ | ᠬᠥᠭᠵᠢᠭᠦᠯᠵᠦ᠂ ᠲᠤᠬᠠᠢ ᠶᠢᠨ ᠭᠠᠵᠠᠷ ᠤᠨ ᠬᠤᠳᠠᠯᠳᠤᠭᠠᠨ ᠤ ᠬᠡᠲᠦ ᠳᠡᠯᠭᠡᠭᠦᠷ᠂ ᠲᠥᠬᠦᠮ ᠳᠡᠯᠭᠡᠭᠦᠷ ᠲᠠᠢ ᠵᠣᠯᠭᠠᠭᠤᠯᠤᠨ᠂ ᠡᠷᠬᠢᠨ ᠲᠣᠭᠤᠷᠢᠨ ᠤ ᠵᠠᠬᠢᠶᠠᠯᠠᠭ᠎ᠠ ᠶᠢᠨ | ᠬᠡᠷᠡᠭᠴᠡᠭᠡ ᠯᠦᠭᠡ ᠨᠠᠷᠢᠯᠢᠭ ᠣᠨᠣᠴᠠᠲᠠᠢ ᠪᠠᠷ ᠲᠣᠬᠢᠷᠠᠭᠤᠯᠵᠤ᠂ ᠭᠡᠷ ᠲᠤ ᠨᠢ ᠬᠦᠷᠭᠡᠬᠦ ᠥᠨᠳᠥᠷ ᠪᠦᠲᠦᠮᠵᠢᠲᠡᠶ ᠪᠦᠭᠡᠳ ᠳᠥᠭᠦᠮ ᠳᠥᠲᠡ ᠦᠢᠯᠡᠴᠢᠯᠡᠭᠡ | ᠬᠠᠩᠭᠠᠬᠤ ᠶᠢ ᠵᠣᠷᠢᠭᠵᠢᠭᠤᠯᠤᠨ᠎ᠠ᠃ | ᠵᠢᠶᠠᠩᠰᠤ ᠮᠤᠵᠢ ᠶᠢᠨ ᠰᠢᠦ᠋ᠢᠵᠧᠦ ᠬᠤᠲᠠ ᠶᠢᠨ ᠹᠧᠩ ᠰᠢᠶᠠᠨ ᠤ ᠵᠦ ᠶᠣᠣ ᠰᠢᠨ ᠲᠣᠰᠬᠤᠨ ᠳᠤ ᠪᠠᠶᠢᠭ᠎ᠠ ᠨᠢᠭᠡᠨ ᠳᠥᠭᠦᠮ ᠳᠡᠯᠭᠡᠭᠦᠷ ᠤᠨ ᠡᠵᠡᠨ ᠶᠠᠩ | ᠠᠪᠠᠭ᠋ᠠᠢ ᠰᠤᠷᠪᠤᠯᠵᠢᠯᠠᠭᠴᠢ ᠳᠤ ᠬᠡᠯᠡᠬᠦ ᠳᠤ ᠪᠠᠨ᠂ ᠳᠡᠯᠭᠡᠭᠦᠷ ᠲᠤ ᠪᠠᠨ ᠬᠤᠳᠠᠯᠳᠤᠭ᠎ᠠ ᠬᠢᠬᠦ ᠶᠢᠨ ᠳᠠᠭᠠᠤ ᠣᠶᠢᠷ᠎ᠠ ᠬᠠᠪᠢ ᠶᠢᠨ ᠢᠯᠡᠭᠡᠯᠲᠡ ᠶᠢᠨ ᠥᠷᠲᠡᠭᠡ ᠪᠣᠯᠵᠤ | ᠪᠠᠶᠢᠨ᠎ᠠ ᠭᠡᠵᠡᠢ᠃ ︽ᠮᠠᠨ ᠤ ᠳᠡᠯᠭᠡᠭᠦᠷ ᠭᠤᠣᠯᠳᠠᠭᠤ ᠱᠦᠨ ᠹᠧᠩ ᠬᠢᠭᠡᠳ ᠵᠢᠩ ᠳ᠋ᠦᠩ ᠤᠨ ᠢᠯᠡᠭᠡᠯᠲᠡ ᠲᠠᠢ ᠵᠣᠯᠭᠠᠯᠳᠤᠳᠠᠭ᠂ ᠣᠶᠢᠷ᠎ᠠ ᠬᠠᠪᠢ ᠶᠢᠨ ᠰᠠᠭᠤᠭᠠᠯᠢ | ᠲᠣᠭᠤᠷᠢᠭ᠂ ᠲᠣᠰᠬᠤᠨ ᠤ ᠰᠠᠭᠤᠭᠠᠯᠢ ᠢᠷᠭᠡᠨ ᠢᠯᠡᠭᠡᠯᠲᠡ ᠪᠠᠨ ᠠᠪᠬᠤ ᠳᠤ ᠴᠥᠮ ᠮᠠᠨ ᠤ ᠠᠳᠡ ᠢᠷᠡᠵᠦ ᠳ᠋ᠤᠭᠠᠷ ᠢᠶᠠᠷ ᠢᠶᠠᠨ ᠠᠪᠬᠤ ᠪᠣᠯᠬᠤᠷ ᠳᠥᠭᠦᠮ | ᠮᠥᠷᠲᠡᠭᠡᠨ ᠪᠤᠷᠤᠭᠤ ᠠᠮᠠᠷᠬᠠᠨ ᠭᠠᠷᠬᠤ ᠦᠭᠡᠢ ᠶᠤᠮ᠃︾ ᠭᠡᠵᠦ ᠶᠠᠩ ᠠᠪᠠᠭ᠋ᠠᠢ ᠬᠡᠯᠡᠪᠡ᠃ | ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠦᠢᠯᠭᠡᠭᠡᠨ ᠤ ᠬᠥᠭᠵᠢᠭᠦᠯᠦᠯᠲᠡ ᠶᠢᠨ ᠵᠤᠷᠭᠠᠨ ᠤ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ︽ᠰᠠᠨᠠᠯ︾ ᠨᠢ | ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭ᠎ᠠ ᠳᠤ ᠲᠤᠯᠭᠠᠷᠠᠵᠤ ᠪᠠᠶᠢᠭ᠎ᠠ ᠰᠠᠭᠤᠷᠢ ᠪᠡᠯᠡᠳᠬᠡᠮᠵᠢ ᠪᠦᠷᠢᠨ ᠪᠤᠰᠤ᠂ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ | ᠬᠤᠴᠤᠷᠤᠩᠭᠤᠢ ᠪᠠᠶᠢᠬᠤ ᠵᠡᠷᠭᠡ ᠪᠣᠳᠠᠲᠠᠢ ᠠᠰᠠᠭᠤᠳᠠᠯ ᠠᠴᠠ ᠡᠭᠦᠰᠴᠦ᠂ ᠳᠡᠭᠡᠷ᠎ᠡ ᠳᠤᠷᠠᠳᠤᠭᠰᠠᠨ ᠠᠷᠭ᠎ᠠ ᠬᠡᠮᠵᠢᠶ᠎ᠡ ᠶᠢ ᠬᠠᠨᠳᠤᠯᠭ᠎ᠠ ᠲᠠᠢ ᠪᠠᠷ ᠳᠤᠷᠠᠳᠤᠨ | ᠭᠠᠷᠭᠠᠭᠰᠠᠨ ᠨᠢ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠶᠢ ᠡᠷᠴᠢᠮᠵᠢᠭᠦᠯᠬᠦ ᠲᠦᠪᠰᠢᠨ ᠢ ᠰᠠᠶᠢᠵᠢᠷᠠᠭᠤᠯᠬᠤ ᠳᠤ ᠠᠰᠢᠭᠲᠠᠢ | ᠮᠥᠷᠲᠡᠭᠡᠨ ᠨᠠᠩ ᠴᠤ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠳᠤᠲᠠᠭᠳᠠᠯ ᠢ ᠴᠢᠷᠮᠠᠶᠢᠨ ᠨᠥᠬᠦᠪᠦᠷᠢᠯᠡᠵᠦ᠂ ᠬᠥᠳᠡᠭᠡ ᠲᠣᠰᠬᠤᠨ ᠤ ᠡᠯᠧᠺᠳ᠋ᠷᠣᠨ | ᠬᠤᠳᠠᠯᠳᠤᠭᠠᠨ ᠤ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠳᠤ ᠠᠰᠢᠭᠲᠠᠢ ᠶᠤᠮ ᠭᠡᠵᠡᠢ᠃ | ᠬᠥᠳᠡᠭᠡ ᠲᠣᠰᠬᠤᠨ ᠤ ᠳ᠋ᠢᠭᠢᠲ᠋ᠠᠯᠴᠢᠯᠠᠭᠰᠠᠨ ᠬᠡᠷᠡᠭᠯᠡᠭᠡᠨ ᠤ ᠪᠠᠶᠢᠳᠠᠯ ᠢ ᠲᠦᠷᠭᠡᠳᠬᠡᠨ ᠪᠤᠶᠢᠵᠢᠭᠤᠯᠤᠨ᠎ᠠ | ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠬᠥᠭᠵᠢᠯᠲᠡ ᠳᠤ ᠨᠡᠩ ᠬᠦᠴᠦᠨ ᠨᠡᠮᠡᠷᠢᠯᠡᠬᠦ ᠶᠢᠨ ᠲᠥᠯᠥᠭᠡ᠂ ︽ᠰᠠᠨᠠᠯ︾ ᠳᠤ ᠪᠠᠰᠠ ᠬᠥᠳᠡᠭᠡ | ᠲᠣᠰᠬᠤᠨ ᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠢᠭᠲᠤᠷᠢᠬᠤ ᠶᠢ ᠠᠬᠢᠭᠤᠯᠵᠤ᠂ ᠡᠯᠧᠺᠳ᠋ᠷᠣᠨ | ᠬᠤᠳᠠᠯᠳᠤᠭ᠎ᠠ ᠬᠢᠭᠡᠳ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠪᠥᠬᠦ ᠲᠠᠯ᠎ᠠ ᠶᠢᠨ᠂ ᠪᠥᠬᠦ ᠬᠡᠯᠬᠢᠶᠡᠨ ᠤ ᠭᠦᠨᠵᠡᠭᠡᠢ | ᠠᠭᠤᠰᠤᠯᠴᠠᠯ ᠢ ᠠᠬᠢᠭᠤᠯᠤᠨ᠎ᠠ ᠭᠡᠵᠦ ᠳᠤᠷᠠᠳᠤᠨ ᠭᠠᠷᠭᠠᠪᠠ᠃ | ︽ᠰᠠᠨᠠᠯ︾ ᠳᠤ᠂ ᠰᠢᠶᠠᠨ ᠤ ᠬᠡᠪᠴᠢᠶᠡᠨ ᠤ ᠰᠢᠭᠤᠳ ᠨᠡᠪᠲᠡᠷᠡᠭᠦᠯᠭᠡ ᠶᠢᠨ ᠡᠯᠧᠺᠳ᠋ᠷᠣᠨ ᠬᠤᠳᠠᠯᠳᠤᠭᠠᠨ ᠤ ᠰᠠᠭᠤᠷᠢᠨ ᠭᠠᠵᠠᠷ ᠢ ᠪᠠᠶᠢᠭᠤᠯᠬᠤ ᠬᠡᠷᠡᠭᠲᠡᠢ ᠭᠡᠵᠦ | ᠳᠤᠷᠠᠳᠪᠠ᠃ ᠰᠢᠭᠤᠳ ᠨᠡᠪᠲᠡᠷᠡᠭᠦᠯᠭᠡ ᠶᠢᠨ ᠡᠯᠧᠺᠳ᠋ᠷᠣᠨ ᠬᠤᠳᠠᠯᠳᠤᠭᠠᠨ ᠤ ᠲᠠᠪᠴᠠᠩ᠂ ᠲᠤᠰᠬᠠᠢ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠶᠢ ᠲᠡᠳᠡᠨ | ᠣᠷᠣᠭᠤᠯᠵᠤ᠂ ᠪᠠᠷᠠᠭ᠎ᠠ ᠰᠤᠩᠭᠤᠵᠤ ᠳᠡᠯᠭᠡᠨ ᠦᠵᠡᠭᠦᠯᠬᠦ᠂ ᠠᠭᠤᠯᠭ᠎ᠠ ᠦᠢᠯᠡᠳᠬᠦ᠂ ᠳ᠋ᠠᠶᠢᠲ᠋ᠠ ᠵᠠᠳᠠᠯᠬᠤ᠂ ᠰᠢᠭᠤᠳ ᠨᠡᠪᠲᠡᠷᠡᠭᠦᠯᠭᠡ ᠶᠢᠨ ᠠᠬᠤᠢ ᠲᠠᠯᠠᠪᠠᠶ ᠵᠡᠷᠭᠡ | ᠪᠡᠯᠡᠳᠬᠡᠮᠵᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠲᠠᠢ ᠬᠤᠯᠪᠤᠭᠠᠯᠠᠨ ᠰᠢᠭᠤᠳ ᠨᠡᠪᠲᠡᠷᠡᠭᠦᠯᠭᠡ ᠶᠢᠨ | ᠪᠦᠯᠬᠦᠮ ᠨᠡᠶᠢᠲᠡ ᠶᠢᠨ ᠨᠡᠪᠴᠢᠭᠦᠯᠦᠯᠲᠡ ᠶᠢ ᠴᠢᠩᠭᠠᠳᠬᠠᠵᠤ᠂ ᠨᠢᠭᠡ ᠪᠦᠯᠦᠭ ᠴᠢᠳᠠᠮᠵᠢ ᠪᠠᠷ ᠪᠦᠷᠢᠨ ᠲᠡᠭᠦᠯᠳᠡᠷ᠂ ᠣᠨᠴᠠᠯᠢᠭ ᠢᠶᠠᠷ ᠲᠣᠪᠤᠶᠢᠮ᠎ᠠ᠂ ᠳᠠᠶᠢᠴᠢᠯᠠᠬᠤ | ᠬᠦᠴᠦᠨ ᠢᠶᠠᠷ ᠴᠢᠩᠭ᠎ᠠ ᠰᠢᠭᠤᠳ ᠨᠡᠪᠲᠡᠷᠡᠭᠦᠯᠭᠡ ᠶᠢᠨ ᠡᠯᠧᠺᠳ᠋ᠷᠣᠨ ᠬᠤᠳᠠᠯᠳᠤᠭᠠᠨ ᠤ ᠰᠠᠭᠤᠷᠢᠨ ᠭᠠᠵᠠᠷ ᠢ ᠪᠠᠶᠢᠭᠤᠯᠤᠨ᠎ᠠ᠃ | ︽ᠰᠠᠨᠠᠯ︾ ᠳᠤ᠂ ᠬᠥᠳᠡᠭᠡ ᠲᠣᠰᠬᠤᠨ ᠤ ᠳ᠋ᠢᠭᠢᠲ᠋ᠠᠯ ᠬᠡᠷᠡᠭᠯᠡᠭᠡᠨ ᠤ ᠠᠬᠤᠢ ᠪᠠᠶᠢᠳᠠᠯ ᠢ ᠪᠤᠶᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ 5G᠂ ᠬᠢᠮᠡᠯ ᠣᠶᠤᠨ | ᠂ ᠰᠦᠯᠵᠢᠶ᠎ᠡ ᠪᠠᠷ ᠲᠦᠯᠦᠬᠦ ᠵᠡᠷᠭᠡ ᠮᠡᠷᠭᠡᠵᠢᠯ ᠢ ᠶᠡᠷᠦᠩᠬᠡᠶᠢᠯᠡᠨ ᠬᠡᠷᠡᠭᠯᠡᠵᠦ᠂ ᠨᠥᠬᠦᠴᠡᠯ ᠪᠦᠷᠢᠳᠦᠭᠰᠡᠨ ᠬᠥᠳᠡᠭᠡ ᠲᠣᠰᠬᠤᠨ ᠤ ᠬᠤᠳᠠᠯᠳᠤᠭᠠᠨ ᠤ ᠲᠣᠣᠷ ᠴᠡᠭ ᠲᠤ | ᠳ᠋ᠢᠭᠢᠲ᠋ᠠᠯᠴᠢᠯᠠᠭᠰᠠᠨ ᠥᠭᠡᠷᠡᠴᠢᠯᠡᠯᠲᠡ ᠬᠢᠵᠦ᠂ ᠣᠯᠠᠨ ᠵᠦᠢᠯ ᠤᠨ ᠬᠡᠷᠡᠭᠯᠡᠭᠡᠨ ᠤ ᠠᠬᠤᠢ ᠪᠠᠶᠢᠳᠠᠯ ᠢ ᠪᠣᠶ ᠪᠣᠯᠭᠠᠨ᠂ ᠰᠦᠯᠵᠢᠶ᠎ᠡ ᠪᠠᠷ ᠵᠠᠬᠢᠶᠠᠯᠠᠵᠤ ᠳᠡᠯᠭᠡᠭᠦᠷ ᠠᠴᠠ | ᠠᠪᠬᠤ᠂ ᠲᠦᠭᠦᠬᠡᠢ᠂ ᠰᠣᠷᠭᠤᠭ ᠢᠳᠡᠭᠡᠨ ᠢ ᠰᠢᠭᠤᠳ ᠬᠦᠷᠭᠡᠬᠦ ᠵᠡᠷᠭᠡ ᠦᠢᠯᠡᠴᠢᠯᠡᠭᠡ ᠶᠢ ᠥᠷᠨᠢᠭᠦᠯᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠣᠶᠢᠯᠠᠭᠠᠯᠲᠠ ᠶᠢ | ᠪᠠᠶᠠᠯᠢᠭᠵᠢᠭᠤᠯᠤᠨ᠎ᠠ᠃ | ︽ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭ᠎ᠠ ᠥᠷᠭᠡᠨ ᠠᠭᠤᠳᠠᠮ ᠵᠠᠬ᠎ᠠ ᠳᠡᠯᠭᠡᠭᠦᠷ ᠤᠨ ᠠᠯᠤᠰ ᠢᠷᠡᠭᠡᠳᠦᠢ ᠲᠠᠢ ᠶᠤᠮ᠂ ᠳ᠋ᠢᠭᠢᠲ᠋ᠠᠯ ᠠᠵᠤ ᠠᠬᠤᠢ ᠶᠢᠨ | ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ᠂ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭ᠎ᠠ ᠨᠢ ︿ᠲᠠᠷᠢᠶᠠᠴᠢᠨ᠂ ᠲᠠᠷᠢᠶᠠᠯᠠᠩ᠂ ᠬᠥᠳᠡᠭᠡ | ᠲᠣᠰᠬᠤᠨ﹀ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠦᠴᠦᠷᠬᠡᠭ ᠶᠡᠭᠡ | ᠬᠥᠳᠡᠯᠭᠡᠬᠦ ᠬᠦᠴᠦᠨ ᠪᠣᠯᠵᠠᠢ᠃︾ ᠳ᠋ᠦᠩ ᠴᠤᠤ᠂ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠬᠥᠭᠵᠢᠯᠲᠡ ᠶᠢ ᠳ᠋ᠢᠭᠢᠲ᠋ᠠᠯ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ᠂ ︽ᠳ᠋ᠢᠭᠢᠲ᠋ᠠᠯ ᠬᠤᠳᠠᠯᠳᠤᠭ᠎ᠠ ᠪᠠᠷ ᠲᠠᠷᠢᠶᠠᠯᠠᠩ ᠢ ᠬᠥᠭᠵᠢᠭᠦᠯᠬᠦ︾ ᠢᠨᠵᠧᠨᠧᠷᠢᠩ ᠵᠡᠷᠭᠡ ᠲᠠᠢ ᠪᠦᠲᠦᠮᠵᠢᠲᠡᠢ ᠤᠶᠠᠯᠳᠤᠭᠤᠯᠵᠤ᠂ ᠨᠢᠭᠡ | ᠴᠣᠭᠴᠠᠵᠢᠭᠤᠯᠤᠨ ᠬᠡᠷᠡᠭᠵᠢᠭᠦᠯᠵᠦ᠂ ᠨᠢᠭᠡ ᠴᠣᠭᠴᠠᠵᠢᠭᠤᠯᠤᠨ ᠠᠬᠢᠭᠤᠯᠵᠤ᠂ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠬᠥᠭᠵᠢᠯᠲᠡ ᠶᠢᠨ | ᠬᠤᠯᠪᠣᠯᠳᠤᠬᠤ ᠴᠢᠨᠠᠷ᠂ ᠲᠣᠬᠢᠷᠠᠯᠴᠠᠬᠤ ᠴᠢᠨᠠᠷ ᠢ ᠴᠢᠩᠭᠠᠳᠬᠠᠵᠤ᠂ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠶᠡᠭᠡ ᠬᠥᠭᠵᠢᠯᠲᠡ ᠪᠠᠷ ᠬᠥᠳᠡᠭᠡ | ᠲᠣᠰᠬᠤᠨ ᠤ ᠶᠡᠭᠡ ᠵᠠᠬ᠎ᠠ ᠳᠡᠯᠭᠡᠭᠦᠷ ᠢ ᠬᠥᠭᠵᠢᠭᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠰᠢᠨ᠎ᠡ ᠦᠷ᠎ᠡ ᠪᠦᠲᠦᠮᠵᠢ | ᠣᠯᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃ |