ᠪᠦᠯᠬᠦᠮᠳᠡᠯ ᠢᠶᠠᠷ ᠬᠦᠴᠦᠨ ᠴᠢᠳᠠᠯ ᠢ ᠨᠢᠭᠲᠠᠷᠠᠭᠤᠯᠵᠤ ᠲᠡᠮᠡᠴᠡᠯ ᠢᠶᠠᠷ ᠠᠭᠤᠤ ᠦᠢᠯᠡᠰ ᠢ ᠪᠦᠳᠦᠭᠡᠰᠦᠭᠡᠢ ︵ᠬᠤᠷᠢᠶᠠᠨ ᠤ ᠥᠭᠦᠯᠡᠯ︶
ᠨᠡᠶᠢᠲᠡᠯᠡᠭᠰᠡᠨ ᠴᠠᠭ᠄
2024/4/7
    — ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠡᠬᠢᠯᠡᠭᠰᠡᠨ ᠳᠤ ᠬᠠᠯᠠᠭᠤᠨ ᠪᠠᠶᠠᠷ ᠬᠦᠷᠭᠡᠶ᠎ᠡ    ᠡᠭᠡᠯᠢᠳᠦ ᠬᠠᠪᠤᠷ ᠰᠠᠭᠠᠳᠠᠬᠤ ᠪᠠᠷ᠂ ᠲᠦᠮᠡᠨ ᠪᠤᠳᠠᠰ ᠲᠦᠯᠵᠢᠨ ᠠᠮᠢᠯᠠᠨ᠎ᠠ᠃ 3 ᠰᠠᠷ᠎ᠠ ᠶᠢᠨ 4 ᠤ ᠡᠳᠦᠷ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠪᠡᠭᠡᠵᠢᠩ ᠳᠤ ᠡᠬᠢᠯᠡᠪᠡ᠃ ᠤᠷᠢᠬᠠᠨ ᠰᠠᠯᠬᠢ ᠶᠢ ᠤᠭᠲᠤᠨ᠂ 34 ᠡᠲᠡᠭᠡᠳ ᠢᠯᠭᠠᠯ ᠤᠨ 2100 ᠭᠠᠷᠤᠢ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠨᠢᠭᠡ ᠲᠠᠩᠬᠢᠮ ᠳᠤ ᠴᠤᠭᠯᠠᠷᠠᠵᠤ᠂ ᠤᠯᠤᠰ ᠤᠨ ᠶᠡᠭᠡ ᠪᠤᠳᠤᠯᠭ᠎ᠠ ᠶᠢ ᠬᠠᠮᠲᠤ ᠪᠠᠷ ᠵᠥᠪᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠠᠨᠠᠯ ᠰᠠᠨᠠᠭᠤᠯᠭ᠎ᠠ ᠲᠤᠷᠠᠳᠴᠤ ᠠᠷᠭ᠎ᠠ ᠤᠬᠠᠭᠠᠨ ᠭᠠᠷᠭᠠᠬᠤ ᠪᠤᠯᠤᠯ᠎ᠠ᠃ ᠪᠢᠳᠡ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ︕    ᠲᠡᠦᠬᠡ ᠶᠢᠨ ᠬᠦᠷᠳᠦ ᠲᠡᠮᠡᠴᠡᠯ ᠤᠨ ᠤᠯᠠ ᠮᠥᠷ ᠢ ᠲᠤᠷᠠᠶᠢᠯᠭᠠᠨ᠂ ᠨᠡᠶᠢᠭᠡᠮ ᠵᠢᠷᠤᠮᠳᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠢᠳᠡᠷᠡᠭᠦᠨ ᠠᠯᠬᠤᠭ᠎ᠠ ᠶᠢ ᠭᠡᠷᠡᠴᠢᠯᠡᠨ᠎ᠡ᠃ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠃ ᠤᠨᠴᠠᠭᠠᠢ ᠨᠠᠷᠢᠨ ᠪᠤᠳᠤᠯᠢᠶᠠᠨᠲᠠᠢ ᠳᠡᠯᠡᠬᠡᠢ ᠶᠢᠨ ᠣᠷᠴᠢᠨ ᠲᠣᠭᠤᠷᠢᠨ ᠪᠣᠯᠤᠨ ᠪᠡᠷᠬᠡ ᠬᠠᠲᠠᠭᠤᠵᠢᠯᠲᠠᠢ ᠨᠦᠰᠡᠷ ᠬᠦᠨᠳᠦ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶ᠎ᠠ ᠨᠢ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠭᠠᠳᠠᠭᠠᠳᠤ ᠳᠠᠷᠤᠯᠲᠠ ᠶᠢ ᠲᠠᠭᠠᠭᠠᠵᠤ᠂ ᠳᠣᠲᠣᠭᠠᠳᠤ ᠶᠢᠨ ᠬᠦᠴᠢᠷᠳᠡᠯ ᠢ ᠢᠯᠠᠨ ᠳᠠᠪᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠳᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠵᠤ ᠠᠬᠤᠢ ᠶᠢᠨ ᠰᠡᠷᠭᠦᠯᠲᠡ ᠬᠥᠭᠵᠢᠯᠲᠡ ᠶᠢ ᠪᠦᠬᠦ ᠬᠦᠴᠦ ᠪᠠᠷ ᠢᠶᠠᠨ ᠠᠬᠢᠭᠤᠯᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠢᠯᠪᠠᠷ ᠪᠤᠰᠤ ᠪᠠᠷ ᠢᠷᠡᠭᠰᠡᠨ᠂ ᠬᠥᠮᠦᠰ ᠢ ᠵᠣᠷᠢᠭᠵᠢᠭᠤᠯᠤᠬᠰᠠᠨ ᠠᠮᠵᠢᠯᠲᠠ ᠪᠦᠳᠦᠮᠵᠢ ᠣᠯᠵᠠᠢ᠃ ᠨᠢᠭᠡ ᠵᠢᠯ ᠤᠨ ᠲᠤᠷᠰᠢ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠪᠠᠶᠢᠴᠠᠭᠠᠨ ᠰᠤᠳᠤᠯᠤᠯᠲᠠ ᠬᠢᠬᠦ᠂ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠢ ᠭᠦᠨᠵᠡᠭᠡᠢ ᠥᠷᠨᠢᠭᠦᠯᠵᠦ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠪᠡ᠃    ᠡᠨᠡ ᠵᠢᠯ ᠪᠣᠯ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠬᠤ ᠪᠥᠭᠡᠳ ᠪᠠᠰᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠪᠣᠯᠤᠨ᠎ᠠ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠮᠠᠷᠺᠰ ᠯᠧᠨᠢᠨ ᠤ ᠦᠵᠡᠯ ᠤᠨ ᠨᠢᠭᠡᠳᠦᠮᠡᠯ ᠹᠷᠣᠨᠲ ᠤᠨ ᠤᠨᠤᠯ᠂ ᠲᠦᠷᠦ ᠶᠢᠨ ᠨᠠᠮ ᠤᠨ ᠤᠨᠤᠯ᠂ ᠠᠷᠠᠳᠴᠢᠯᠠᠭᠰᠠᠨ ᠤᠯᠤᠰ ᠲᠦᠷᠦ ᠶᠢᠨ ᠤᠨᠤᠯ ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠭᠰᠠᠨ ᠤ ᠠᠭᠤᠤ ᠶᠡᠭᠡ ᠦᠷ᠎ᠡ ᠪᠦᠲᠦᠭᠡᠯ ᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠯ᠎ᠡ ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ ᠤᠨ ᠪᠤᠰᠤ ᠬᠥᠮᠦᠰ᠂ ᠠᠷᠠᠳ ᠤᠨ ᠪᠦᠯᠬᠦᠮ ᠪᠣᠯᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠦᠰ ᠢ ᠤᠳᠤᠷᠢᠳᠤᠨ ᠤᠯᠤᠰ ᠲᠦᠷᠦ ᠶᠢᠨ ᠪᠠᠶᠢᠭᠤᠯᠤᠯ ᠤᠨ ᠲᠠᠯ᠎ᠠ ᠪᠠᠷ ᠬᠢᠭᠰᠡᠨ ᠠᠭᠤᠤ ᠶᠡᠭᠡ ᠡᠭᠦᠳᠦᠯᠲᠡ ᠮᠥᠨ ᠭᠡᠳᠡᠭ ᠢ 75 ᠵᠢᠯ ᠤᠨ ᠦᠢᠯᠡᠳᠦᠯᠭᠡ ᠭᠡᠷᠡᠴᠢᠯᠡᠭᠰᠡᠨ ᠪᠠᠶᠢᠨ᠎ᠠ᠃ ᠨᠢᠭᠡᠳᠦᠮᠡᠯ ᠹᠷᠣᠨᠲ ᠤᠨ ᠵᠣᠬᠢᠶᠠᠨ ᠪᠠᠶᠢᠭᠤᠯᠤᠯᠲᠠ᠂ ᠤᠯᠠᠨ ᠨᠠᠮ ᠤᠨ ᠬᠠᠮᠲᠤᠷᠠᠨ ᠠᠵᠢᠯᠯᠠᠬᠤ ᠪᠠ ᠤᠯᠤᠰ ᠲᠦᠷᠦ ᠶᠢᠨ ᠵᠥᠪᠯᠡᠯᠭᠡ ᠬᠢᠬᠦ ᠪᠠᠶᠢᠭᠤᠯᠤᠮᠵᠢ᠂ ᠠᠷᠠᠳ ᠤᠨ ᠠᠷᠠᠳᠴᠢᠯᠠᠯ ᠤᠨ ᠴᠢᠬᠤᠯᠠ ᠪᠡᠶᠡᠯᠡᠭᠳᠡᠬᠦ ᠬᠡᠯᠪᠡᠷᠢ ᠪᠣᠯᠤᠭᠰᠠᠨ ᠤ ᠬᠤᠪᠢ ᠳᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠣᠯ ᠲᠦᠷᠦ ᠶᠢ ᠵᠠᠰᠠᠬᠤ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠳᠤᠮᠳᠠᠳᠤ ᠤᠯᠤᠰ ᠤᠨ ᠣᠨᠴᠠᠯᠢᠭ ᠲᠠᠢ ᠪᠠᠶᠢᠭᠤᠯᠤᠯ ᠤᠨ ᠲᠤᠬᠢᠷᠠᠭᠤᠯᠤᠯᠲᠠ ᠮᠥᠨ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠯ ᠢ ᠰᠠᠶᠢᠲᠤᠷ ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠢ ᠰᠠᠶᠢᠲᠤᠷ ᠬᠥᠭᠵᠢᠭᠦᠯᠵᠦ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠳᠠᠯᠠᠪᠡᠯ ᠯᠠᠪᠲᠠᠢ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠭᠡᠷᠡᠯ ᠰᠠᠴᠤᠷᠠᠩᠭᠤᠢ ᠬᠠᠭᠤᠳᠠᠰᠤ ᠶᠢ ᠬᠠᠮᠲᠤ ᠪᠠᠷ ᠪᠢᠴᠢᠭᠯᠡᠵᠦ ᠴᠢᠳᠠᠨ᠎ᠠ᠃ ᠶᠡᠷᠦᠩᠬᠡᠶ ᠱᠦᠵᠢ ᠰᠢ ᠶᠢᠨ ᠫᠢᠩ᠄ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠭᠡᠭᠵᠢᠬᠦᠯᠬᠦ ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠶ᠋ᠯᠡᠰ ᠢ ᠪᠥᠬᠦ ᠲᠠᠯ᠎ᠠ ᠪᠠᠷ ᠠᠬᠢᠭᠤᠯᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠪᠠ ᠤᠯᠤᠰ ᠤᠨ ᠭᠤᠤᠯ ᠡᠭᠦᠷᠭᠡ ᠮᠥᠨ︾ ᠭᠡᠵᠦ ᠴᠢᠬᠤᠯᠠᠴᠢᠯᠠᠪᠠ᠃    ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠡᠨᠡ ᠬᠦ ᠰᠠᠷᠠᠭᠤᠯ ᠳᠠᠷᠳᠠᠩ ᠵᠠᠮ ᠢᠶᠠᠷ ᠡᠷᠡᠮᠡᠭᠡᠶᠢᠯᠡᠨ ᠤᠷᠤᠭᠰᠢᠯᠠᠬᠤ ᠳᠤ᠂ ᠪᠢᠳᠡ ᠢᠷᠡᠭᠡᠳᠦᠢ ᠭᠡᠭᠡᠨ ᠰᠠᠷᠠᠭᠤᠯ ᠪᠠᠶᠢᠬᠤ ᠶᠢ ᠭᠦᠨᠵᠡᠭᠡᠢ ᠮᠡᠳᠡᠵᠦ ᠪᠠᠶᠢᠨ᠎ᠠ᠂ ᠭᠡᠪᠡᠴᠦ ᠤᠷᠤᠭᠰᠢᠯᠠᠯᠲᠠ ᠶᠢᠨ ᠵᠠᠮ ᠨᠢ ᠲᠡᠭᠰᠢ ᠳᠠᠷᠳᠠᠩ ᠪᠢᠰᠢ᠂ ᠯᠠᠪᠲᠠᠢ ᠡᠯ᠎ᠡ ᠵᠦᠢᠯ ᠤᠨ ᠲᠥᠰᠦᠭᠡᠯᠡᠵᠦ ᠪᠣᠯᠬᠤ ᠪᠠ ᠲᠥᠰᠦᠭᠡᠯᠡᠬᠦᠶ᠎ᠡ ᠪᠡᠷᠬᠡ ᠠᠶᠤᠯ ᠲᠦᠭᠰᠢᠭᠦᠷᠢ ᠥᠷᠢᠰᠥᠯᠳᠦᠭᠡᠨ᠂ ᠬᠦᠴᠢᠷ ᠪᠡᠷᠬᠡᠰᠢᠶᠡᠯ ᠬᠠᠷᠰᠢ ᠰᠠᠭᠠᠳ ᠴᠢᠨᠠᠭᠰᠢᠯᠠᠪᠠᠯ ᠲᠤᠬᠰᠢᠨ ᠳᠠᠪᠠᠯᠭᠠᠨ ᠰᠢᠷᠦᠭᠦᠨ ᠰᠠᠯᠬᠢᠨ ᠳᠤ ᠲᠤᠯᠭᠠᠷᠠᠬᠤ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠤᠯᠤᠰ ᠲᠥᠷᠥ ᠶᠢᠨ ᠳᠠᠪᠠᠭᠤᠯᠢᠭ ᠪᠣᠯᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠵᠤ᠂ ᠳᠠᠶᠢᠴᠢᠯᠠᠵᠤ ᠪᠣᠯᠬᠤ ᠢᠳᠡᠪᠬᠢ ᠬᠦᠴᠦᠨ ᠵᠦᠢᠯ ᠪᠦᠬᠦᠨ ᠢ ᠳᠠᠶᠢᠴᠢᠯᠠᠵᠤ᠂ ᠪᠦᠯᠬᠦᠮᠳᠡᠵᠦ ᠪᠣᠯᠬᠤ ᠬᠦᠴᠦᠨ ᠪᠦᠬᠦᠨ ᠲᠠᠢ ᠪᠦᠯᠬᠦᠮᠳᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠪᠠᠯ ᠰᠠᠶ᠋ᠢ ᠤᠯᠤᠰ ᠢᠶᠠᠨ ᠬᠦᠴᠦᠷᠭᠡᠭᠵᠢᠬᠦᠯᠬᠦ ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠡᠦᠬᠡ ᠶᠢᠨ ᠠᠭᠤᠤ ᠦᠶ᠋ᠯᠡᠰ ᠢ ᠢᠯᠠᠯᠲᠠ ᠲᠠᠢ ᠪᠠᠷ ᠠᠬᠢᠭᠤᠯᠵᠤ ᠴᠢᠳᠠᠨ᠎ᠠ᠃ ᠤᠷᠤᠭᠰᠢᠯᠠᠯᠲᠠ ᠶᠢᠨ ᠵᠠᠮ ᠳᠤ᠂ ᠪᠢᠳᠡ ᠨᠠᠮ ᠤᠨ ᠲᠤᠭ ᠤᠨ ᠳᠣᠣᠷ᠎ᠠ ︽ᠬᠠᠳᠠᠭᠤ ᠪᠠᠬᠢ ᠪᠤᠯᠤᠳ ᠲᠡᠮᠦᠷ︾ ᠪᠣᠯᠤᠨ ᠪᠦᠯᠬᠦᠮᠳᠡᠵᠦ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠠᠮᠤᠭ ᠤᠨ ᠶᠡᠭᠡ ᠢᠵᠢᠯ ᠲᠥᠪᠲᠦ ᠲᠣᠭᠤᠷᠢᠭ ᠢ ᠰᠠᠶᠢᠲᠤᠷ ᠵᠢᠷᠤᠵᠤ᠂ ᠪᠦᠯᠬᠦᠮᠳᠡᠯ ᠢᠶᠠᠷ ᠬᠦᠴᠦᠨ ᠢ ᠨᠢᠭᠲᠠᠷᠠᠭᠤᠯᠵᠤ᠂ ᠲᠡᠮᠡᠴᠡᠯ ᠢᠶᠠᠷ ᠠᠭᠤᠤ ᠦᠢᠯᠡᠰ ᠢ ᠪᠦᠲᠦᠭᠡᠳᠡᠭ ᠯᠡ ᠶᠤᠮ ᠪᠣᠯ᠂ ᠶᠠᠮᠠᠷᠪᠠ ᠰᠠᠯᠬᠢ ᠳᠠᠪᠠᠯᠭᠠᠨ ᠴᠤ ᠭᠡᠳ ᠪᠢᠳᠡᠨ ᠤ ᠬᠠᠳᠠᠨ ᠪᠠᠳᠤ ᠡᠷᠴᠢ ᠵᠣᠷᠢᠭ ᠢ ᠭᠤᠶᠢᠪᠢᠯᠵᠠᠭᠤᠯᠵᠤ ᠴᠢᠳᠠᠬᠤ ᠦᠭᠡᠢ᠂ ᠶᠠᠮᠠᠷᠪᠠ ᠬᠦᠴᠢᠷ ᠪᠡᠷᠬᠡᠰᠢᠶᠡᠯ ᠴᠦ ᠭᠡᠳ ᠪᠢᠳᠡᠨ ᠤ ᠢᠳᠡᠷᠡᠭᠦᠨ ᠠᠯᠬᠤᠭ᠎ᠠ ᠶᠢ ᠬᠤᠷᠢᠭᠯᠠᠵᠤ ᠴᠢᠳᠠᠬᠤ ᠦᠭᠡᠢ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠨᠡᠷᠡᠮᠵᠢᠲᠦ ᠲᠤᠮᠤ ᠬᠥᠯᠭᠡ ᠣᠩᠭᠤᠴᠠ ᠯᠠᠪᠲᠠᠢ ᠰᠠᠯᠬᠢ ᠳᠠᠪᠠᠯᠭᠠᠨ ᠢ ᠵᠦᠰᠦᠨ ᠳᠠᠷᠪᠠᠭᠤᠯ ᠬᠡᠶᠢᠰᠬᠡᠨ ᠬᠤᠯᠠ ᠠᠶᠠᠯᠠᠵᠤ ᠴᠢᠳᠠᠨ᠎ᠠ᠃    ᠵᠥᠪᠯᠡᠬᠦ ᠠᠷᠠᠳᠴᠢᠯᠠᠯ ᠪᠣᠯ ᠨᠠᠮ ᠠᠴᠠ ᠠᠷᠠᠳ ᠲᠦᠮᠡᠨ ᠢ ᠤᠳᠤᠷᠢᠳᠤᠨ ᠤᠯᠤᠰ ᠣᠷᠣᠨ ᠢ ᠪᠦᠲᠦᠮᠵᠢᠲᠡᠢ ᠵᠠᠰᠠᠬᠤ᠂ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠶᠢ ᠪᠠᠲᠤᠯᠠᠬᠤ ᠴᠢᠬᠤᠯᠠ ᠪᠠᠶᠢᠭᠤᠯᠤᠯ ᠤᠨ ᠵᠢᠷᠤᠭ ᠲᠥᠯᠥᠪᠯᠡᠭᠡ ᠮᠥᠨ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠣᠯ ᠨᠡᠶᠢᠭᠡᠮ ᠵᠢᠷᠤᠮ ᠤᠨ ᠵᠥᠪᠯᠡᠬᠦ ᠠᠷᠠᠳᠴᠢᠯᠠᠯ ᠤᠨ ᠴᠢᠬᠤᠯᠠ ᠠᠷᠭ᠎ᠠ ᠵᠠᠮ ᠪᠠ ᠲᠤᠰᠬᠠᠢ ᠵᠥᠪᠯᠡᠬᠦ ᠪᠠᠶᠢᠭᠤᠯᠤᠮᠵᠢ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠤᠬᠳᠤ ᠭᠤᠶᠢᠪᠢᠰᠢ ᠦᠭᠡᠢ ᠪᠠᠷᠢᠮᠲᠠᠯᠠᠵᠤ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ ᠂ ᠰᠠᠨᠠᠯ ᠰᠠᠨᠠᠭᠤᠯᠭ᠎ᠠ ᠲᠤᠷᠠᠳᠤᠨ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠤ ᠲᠠᠯᠪᠢᠭᠰᠠᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠪᠠᠯ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠯᠠᠪᠲᠠᠢ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠡᠭᠦᠷᠭᠡᠯᠡᠵᠦ᠂ ᠤᠯᠤᠰ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠳᠤ ᠠᠤᠭ᠎ᠠ ᠶᠡᠭᠡ ᠬᠦᠴᠦᠨ ᠢ ᠨᠢᠭᠲᠠᠷᠠᠭᠤᠯᠵᠤ ᠴᠢᠳᠠᠨ᠎ᠠ᠃ ᠤᠯᠠᠨ ᠤ ᠬᠦᠴᠦᠨ ᠬᠠᠮᠳᠤᠷᠠᠪᠠᠯ ᠲᠦᠮᠡᠨ ᠵᠢᠶᠦ᠋ᠨ ᠢ ᠡᠷᠭᠦᠵᠦ᠂ ᠤᠯᠠᠨ ᠤ ᠰᠡᠳᠬᠢᠯ ᠨᠢᠭᠡᠳᠪᠡᠯ ᠲᠠᠶᠢᠱᠠᠨ ᠠᠭᠤᠯᠠ ᠶᠢ ᠨᠡᠭᠦᠯᠭᠡᠨ᠎ᠡ᠃    ᠪᠢᠳᠠ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠬᠤᠶᠠᠷ ᠢ ᠲᠣᠭᠲᠠᠭᠠᠬᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠬᠤᠷᠢᠳᠤᠭᠠᠷ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠤᠭ᠎ᠠ ᠲᠥᠰᠦᠪ ᠢ ᠠᠯᠬᠤᠮ ᠠᠯᠬᠤᠮ ᠢᠶᠠᠷ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ᠃ ᠢᠷᠠᠭᠤ ᠠᠯᠳᠠᠷ ᠪᠠ ᠬᠦᠰᠡᠯ ᠵᠡᠭᠦᠳᠦ ᠪᠠᠷ ᠪᠢᠯᠬᠠᠭᠰᠠᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠳᠤ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠦᠡᠭᠭᠡ ᠬᠡᠷᠡᠯᠳᠡᠢ᠂ ᠬᠠᠷᠢᠭᠤᠴᠠᠯᠭ᠎ᠠ ᠨᠦᠰᠠᠷ ᠬᠦᠨᠳᠦ ᠪᠠᠶᠢᠨ᠎ᠠ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠬᠦᠢᠴᠡᠳᠭᠡᠵᠦ᠂ ᠦᠨᠡᠨ ᠦᠭᠡ ᠬᠡᠯᠡᠵᠦ᠂ ᠰᠠᠶᠢᠨ ᠠᠷᠭ᠎ᠠ ᠪᠣᠳᠣᠯᠭ᠎ᠠ ᠲᠡᠪᠰᠢᠬᠦᠯᠵᠦ᠂ ᠪᠣᠳᠠᠲᠠᠶ ᠠᠷᠭ᠎ᠠ ᠤᠬᠠᠭᠠᠨ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠭᠡᠭᠵᠢᠬᠦᠯᠬᠦ ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠥᠬᠦ ᠲᠠᠯ᠎ᠠ ᠪᠠᠷ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ᠃ ᠶᠡᠭᠡ ᠬᠤᠷᠠᠯ ᠤᠨ ᠲᠡᠭᠦᠰ ᠠᠮᠵᠢᠯᠲᠠ ᠤᠯᠬᠤ ᠶᠢ ᠵᠥᠩᠨᠡᠶ᠎ᠡ︕
ᠢᠷᠡᠯᠲᠡ᠄ ᠠᠷᠠᠳ ᠤᠨ ᠮᠣᠩᠭᠤᠯ ᠰᠦᠯᠵᠢᠶ᠎ᠡ