ᠲᠦᠮᠡᠨ ᠪᠣᠳᠠᠰ ᠠᠮᠢᠯᠠᠨ ᠰᠡᠷᠭᠦᠵᠦ᠂ ᠵᠠᠯᠠᠭᠤ ᠨᠠᠰᠤ ᠴᠤᠭ ᠪᠠᠳᠠᠷᠠᠩᠭᠤᠢ᠃ ᠣᠶᠢᠷ᠎ᠠ ᠶᠢᠨ ᠡᠳᠦᠷ ᠤᠳ ᠲᠤ᠂ ᠪᠦᠭᠦ ᠤᠯᠤᠰ ᠤᠨ ᠬᠤᠶᠠᠷ ᠬᠤᠷᠠᠯ ᠠᠴᠠ | ᠡᠷᠡᠯᠬᠡᠭᠯᠡᠨ ᠤᠷᠤᠭᠰᠢᠯᠠᠬᠤ ᠤᠷᠠᠢ ᠤᠮᠠᠷᠠᠲᠤ ᠶᠢᠨ ᠡᠬᠡ ᠭᠠᠵᠠᠷ ᠲᠤ ᠳᠠᠭᠤᠷᠢᠰᠤᠨ᠎ᠠ᠃ ᠤᠯᠠᠨ ᠢᠶᠠᠷ ᠢᠶᠠᠨ᠂ ᠦᠨᠡᠨ ᠪᠣᠳᠠᠲᠠᠢ ᠶᠢ ᠡᠷᠭᠢᠮᠯᠡᠭᠦ ᠵᠣᠷᠢᠭ ᠰᠠᠨᠠᠭ᠎ᠠ᠂ | ᠡᠷᠡᠮᠡᠬᠡᠶᠢᠯᠡᠨ ᠲᠠᠪᠰᠢᠬᠤ ᠣᠪᠣᠷ ᠪᠠᠶᠢᠳᠠᠯ ᠢᠶᠠᠷ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ | ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠨ᠎ᠡ᠃ | ᠥᠩᠭᠡᠪᠴᠢ ᠬᠤᠭᠤᠰᠤᠨ ᠶᠠᠷᠢᠭᠠᠳ ᠰᠠᠭᠤᠪᠠᠯ ᠲᠦᠷᠦ ᠭᠦᠷᠦᠨ ᠮᠥᠬᠦᠵᠦ᠂ ᠦᠨᠡᠨ ᠪᠣᠳᠠᠲᠠᠢ ᠠᠵᠢᠯᠯᠠᠪᠠᠯ ᠤᠯᠤᠰ ᠣᠷᠣᠨ ᠮᠠᠨᠳᠤᠮᠤᠢ᠃ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠪᠣᠳᠠᠲᠠᠢ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ᠂ ᠰᠠᠶᠢᠨ ᠲᠦᠷᠦ ᠶᠢᠨ ᠪᠣᠳᠣᠯᠭ᠎ᠠ ᠶᠢ ᠦᠨᠡᠨ ᠪᠣᠳᠠᠲᠠᠢ ᠳᠤ | ᠨᠠᠶᠢᠳᠠᠪᠤᠷᠢᠵᠢᠭᠤᠯᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠬᠤ ᠦᠭᠡᠢ᠂ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠰᠠᠶᠢᠲᠤᠷ ᠠᠳᠬᠤᠬᠤ | ᠦᠭᠡᠢ ᠪᠣᠯ ᠬᠡᠳᠦᠢ ᠰᠠᠶᠢᠨ ᠲᠥᠰᠥᠪ ᠪᠠᠶᠢᠯ᠎ᠠ ᠴᠤ ᠭᠡᠰᠡᠨ ᠬᠡᠢ ᠬᠤᠭᠤᠰᠤᠨ ᠵᠦᠢᠯ ᠪᠣᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ | ᠭᠡᠳᠡᠭ ᠨᠢ ᠬᠤᠭᠤᠰᠤᠨ ᠦᠭᠡ ᠲᠡᠳᠦᠢ ᠪᠣᠯᠣᠨ᠎ᠠ᠃ ᠮᠠᠨ ᠤ ᠣᠷᠣᠨ ᠳᠤ ᠠᠪᠴᠤ ᠬᠡᠯᠡᠪᠡᠯ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ | ᠰᠠᠶᠢᠲᠤᠷ ᠬᠢᠬᠦ ᠭᠡᠰᠡᠨ ᠦᠭᠡᠢ᠂ ︽ᠵᠢᠷᠭᠤᠭᠠᠨ ᠢᠨᠵᠧᠨᠧᠷᠢᠩ︾ ᠢ ᠠᠬᠢᠭᠤᠯᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠶᠢ | ᠪᠡᠶᠡᠯᠡᠭᠦᠯᠬᠦ ᠭᠡᠰᠡᠨ ᠦᠭᠡᠢ᠂ ᠴᠥᠮ ᠥᠷᠭᠡᠨ ᠤᠯᠠᠨ ᠺᠠᠳ᠋ᠷ ᠤᠯᠠᠨ ᠲᠦᠮᠡᠨ ᠤ ᠪᠣᠳᠠᠲᠠᠢ ᠶᠢ ᠡᠷᠭᠢᠮᠯᠡᠭᠦ ᠶᠢ ᠲᠡᠷᠢᠭᠦᠨ ᠳᠤ ᠲᠠᠯᠪᠢᠵᠤ᠂ ᠪᠣᠳᠠᠲᠠᠢ ᠠᠵᠢᠯᠯᠠᠬᠤ ᠶᠢ | ᠱᠠᠭᠠᠷᠳᠠᠨ᠎ᠠ᠃ ᠪᠢᠲᠡ ᠪᠣᠳᠠᠲᠠᠢ ᠶᠢ ᠡᠷᠭᠢᠮᠯᠡᠭᠦ ᠶᠢᠨ ᠡᠷᠡᠰ ᠪᠠᠲᠤ ᠦᠢᠯᠡᠳᠦᠯᠭᠡᠵᠢᠭᠦᠯᠦᠭᠴᠢ ᠪᠣᠯᠵᠤ᠂ ᠯᠠᠪᠳᠠᠭᠤᠨ ᠪᠠᠲᠤᠲᠠᠢ ᠠᠵᠢᠯᠯᠠᠵᠤ᠂ ᠰᠢᠷᠭᠠᠭᠤ | ᠬᠠᠲᠠᠭᠤᠵᠢᠯᠲᠠᠢ ᠠᠵᠢᠯᠯᠠᠵᠤ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠬᠡᠷᠡᠭᠲᠡᠢ᠃ | ᠬᠠᠷᠢᠭᠤᠴᠠᠯᠭ᠎ᠠ ᠡᠭᠦᠷᠭᠡᠯᠡᠯ ᠮᠥᠨ ᠴᠢᠨᠠᠷ ᠢ ᠢᠯᠡᠷᠡᠭᠦᠯᠵᠦ᠂ ᠪᠣᠳᠠᠲᠠᠢ ᠠᠵᠢᠯᠯᠠᠬᠤ ᠪᠠᠷ ᠦᠷ᠎ᠡ ᠪᠦᠲᠦᠮᠵᠢ ᠭᠠᠷᠭᠠᠨ᠎ᠠ᠃ ᠤᠷᠤᠭᠰᠢᠯᠠᠯᠲᠠ ᠶᠢᠨ ᠵᠠᠮ ᠶᠡᠷᠦ ᠠᠴᠠ | ᠰᠠᠷᠠᠭᠤᠯ ᠳᠠᠷᠳᠠᠩ ᠪᠢᠰᠢ᠃ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ᠂ ᠥᠭᠡᠷᠡᠴᠢᠯᠡᠯᠲᠡ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠢᠨ᠎ᠡ | ᠰᠢᠪᠲᠤᠯᠤᠯᠲᠠ ᠰᠢᠨ᠎ᠡ ᠳᠠᠪᠠᠯᠲᠠ ᠶᠢ ᠪᠡᠶᠡᠯᠡᠭᠦᠯᠬᠦ ᠳᠤ᠂ ᠪᠢᠳᠡ ᠬᠠᠷᠢᠭᠤᠴᠠᠯᠭ᠎ᠠ ᠡᠭᠦᠷᠭᠡᠯᠡᠨ᠂ ᠦᠨᠡᠨ ᠴᠢᠳᠠᠪᠤᠷᠢ ᠪᠠᠨ ᠳᠠᠪᠲᠠᠨ ᠪᠤᠯᠪᠠᠰᠤᠷᠠᠭᠤᠯᠵᠤ᠂ | ᠤᠬᠠᠮᠰᠠᠷ ᠠᠴᠠ ᠪᠠᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠴᠥᠬᠦᠷᠡᠰᠢ ᠦᠭᠡᠢ ᠲᠡᠮᠡᠴᠡᠭᠴᠢ ᠪᠣᠯᠵᠤ᠂ ᠬᠠᠮᠤᠭ ᠤᠨ ᠬᠦᠨᠳᠦ | ᠡᠭᠦᠷᠭᠡ ᠶᠢ ᠡᠭᠦᠷᠭᠡᠯᠡᠵᠦ᠂ ᠬᠠᠮᠤᠭ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠦᠴᠢᠷ ᠪᠡᠷᠬᠡ ᠶᠢ ᠢᠯᠠᠨ ᠳᠠᠪᠠᠭ᠋ᠤ ᠳᠤᠮᠳᠠ ᠠᠵᠢᠯ ᠤᠨ ᠰᠢᠨ᠎ᠡ ᠪᠠᠶᠢᠳᠠᠯ ᠢ | ᠲᠠᠰᠤᠷᠠᠯᠲᠠ ᠦᠭᠡᠢ ᠡᠭᠦᠳᠬᠦ ᠶᠢ ᠲᠤᠯᠭᠠᠮ ᠱᠠᠭᠠᠷᠳᠠᠵᠤ ᠪᠠᠶᠢᠨ᠎ᠠ᠃ ᠪᠢᠳᠡ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠣᠷᠢᠭᠲᠠᠢ ᠪᠠᠷ ᠲᠡᠮᠡᠴᠡᠵᠦ᠂ | ᠴᠢᠳᠠᠮᠠᠭᠠᠢ ᠪᠠᠷ ᠠᠵᠢᠯᠯᠠᠵᠤ᠂ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠵᠤ᠂ ᠪᠣᠳᠠᠲᠠᠢ ᠬᠢᠵᠦ᠂ ᠯᠠᠪᠳᠠᠭᠤᠨ ᠪᠠᠲᠤᠲᠠᠢ ᠬᠢᠵᠦ᠂ ᠶᠡᠷᠦᠩᠬᠡᠢ ᠱᠦᠵᠢ ᠰᠢ ᠶᠢᠨ | ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠤᠮᠠᠷᠠᠲᠤ ᠶᠢᠨ ᠡᠬᠡ ᠭᠠᠵᠠᠷ ᠤᠨ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠪᠠᠷ | ᠴᠢᠷᠮᠠᠶᠢᠰᠤᠭᠠᠢ᠃ | ᠣᠳᠣᠬᠠᠨ ᠤ ᠥᠪᠥᠷ ᠮᠣᠩᠭᠤᠯ ᠤᠨ ᠪᠠᠶᠢᠳᠠᠯ ᠰᠠᠶᠢᠨ᠂ ᠡᠷᠴᠢ ᠵᠣᠷᠢᠭ ᠲᠡᠭᠦᠯᠳᠡᠷ᠂ ᠳᠠᠯᠳᠠ ᠬᠦᠴᠦᠨ ᠶᠡᠭᠡ᠂ ᠬᠥᠭᠵᠢᠯᠲᠡ ᠶᠢᠨ ᠢᠷᠡᠭᠡᠳᠦᠢ ᠭᠡᠭᠡᠨ ᠰᠠᠷᠠᠭᠤᠯ | ᠪᠠᠶᠢᠨ᠎ᠠ᠃ ᠪᠢᠳᠡ ᠠᠯᠢᠪᠠ ᠠᠰᠢᠭᠲᠠᠢ ᠠᠵᠠ ᠲᠣᠭᠢᠶᠠᠯ ᠢ ᠡᠵᠡᠮᠳᠡᠵᠦ᠂ ᠠᠯᠢᠪᠠ ᠠᠰᠢᠭᠲᠠᠢ ᠨᠥᠬᠦᠴᠡᠯ ᠢ ᠠᠰᠢᠭᠯᠠᠨ᠂ ᠥᠷᠯᠥᠭᠡ ᠦᠳᠡᠰᠢ ᠶᠢ ᠲᠡᠮᠡᠴᠡᠵᠦ᠂ | ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠳᠡᠭ ᠯᠡ ᠶᠤᠮ ᠪᠣᠯ ᠬᠥᠮᠥᠰ ᠢ ᠭᠠᠶᠢᠬᠠᠭᠤᠯᠤᠮ᠎ᠠ ᠨᠡᠩ ᠤᠯᠠᠨ ᠰᠠᠶᠢᠨ ᠠᠮᠵᠢᠯᠲᠠ ᠪᠦᠲᠦᠮᠵᠢ ᠶᠢ ᠡᠭᠦᠳᠦᠨ | ᠪᠦᠲᠦᠭᠡᠵᠦ ᠴᠢᠳᠠᠬᠤ ᠨᠢ ᠯᠠᠪᠲᠠᠢ︕ |