︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠤᠶᠢᠯᠡᠳᠪᠤᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ﹀ ᠲᠣᠭᠲᠠᠭᠠᠯ ᠤᠳ ᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/4/9
ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ ᠳᠤ᠄    ᠠᠶᠤᠯ ᠥᠬᠡᠶ ᠤᠶᠢᠯᠡᠳᠪᠤᠷᠢᠯᠡᠯ ᠤᠨ ᠠᠵᠢᠯ ᠢ ᠦᠨᠡᠨᠬᠦ ᠴᠢᠩᠭᠠᠳᠬᠠᠵᠤ᠂ ᠠᠶᠤᠯ ᠥᠬᠡᠶ ᠤᠶᠢᠯᠡᠳᠪᠤᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠲᠤᠰᠠᠳᠠ᠂ ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠶᠤᠯ ᠥᠬᠡᠶ ᠶᠢ ᠬᠠᠮᠢᠶᠠᠷᠬᠤ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠶᠤᠯ ᠥᠬᠡᠶ ᠶᠢ ᠬᠠᠮᠢᠶᠠᠷᠬᠤ ᠤᠶᠢᠯᠡᠳᠪᠤᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠶᠤᠯ ᠥᠬᠡᠶ ᠶᠢ ᠬᠠᠮᠢᠶᠠᠷᠬᠤ ᠲᠣᠭᠲᠠᠭᠠᠯ︾ ᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠬᠤ ᠬᠤᠯᠪᠣᠭᠳᠠᠯ ᠪᠥᠬᠦᠶ ᠤᠴᠢᠷ ᠤᠳ ᠢ ᠳᠣᠤᠷᠠᠬᠢ ᠮᠡᠲᠦ ᠮᠡᠳᠡᠭᠳᠡᠶ᠎ᠡ᠄    ᠨᠢᠭᠡᠳᠦᠭᠡᠷ ᠲᠤ᠂ ᠭᠤᠣᠯ ᠤᠳᠤᠷᠢᠳᠬᠤ ᠲᠤᠰᠢᠶᠠᠯ ᠬᠠᠷᠢᠭᠤᠴᠠᠯᠭ᠎ᠠ ᠶᠢᠨ ᠲᠠᠯ᠎ᠠ ᠪᠠᠷ᠃ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠬᠤᠲᠠ ᠶᠢᠨ ᠠᠶᠤᠯ ᠥᠬᠡᠶ ᠤᠶᠢᠯᠡᠳᠪᠤᠷᠢᠯᠡᠯ ᠤᠨ ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ᠂ ᠬᠠᠭᠠᠰ ᠵᠢᠯ ᠳᠤ ᠠᠳᠠᠭ ᠲᠠᠭᠠᠨ ᠨᠢᠭᠡ ᠤᠳᠠᠭ᠎ᠠ ᠠᠶᠤᠯ ᠥᠬᠡᠶ ᠤᠶᠢᠯᠡᠳᠪᠤᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠠᠶᠤᠯ ᠥᠬᠡᠶ ᠤᠶᠢᠯᠡᠳᠪᠤᠷᠢᠯᠡᠯ ᠤᠨ ᠲᠤᠰᠬᠠᠶ ᠪᠠᠯᠠ ᠮᠥᠩᠭᠦ ᠶᠢ ᠵᠣᠬᠢᠶᠠᠨ ᠪᠠᠶᠢᠭᠤᠯᠤᠨ ᠪᠠᠶᠢᠭᠤᠯᠬᠤ ᠶᠢᠨ ᠬᠠᠮᠲᠤ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠵᠢᠭᠰᠠᠭᠠᠨ ᠣᠷᠣᠭᠤᠯᠵᠤ᠂ ᠠᠶᠤᠯ ᠥᠬᠡᠶ ᠤᠶᠢᠯᠡᠳᠪᠤᠷᠢᠯᠡᠯ ᠤᠨ ᠴᠢᠬᠤᠯᠠ ᠶᠡᠭᠡ ᠠᠰᠠᠭᠤᠳᠠᠯ ᠢ ᠰᠤᠳᠤᠯᠤᠨ  ᠰᠢᠢᠳᠪᠤᠷᠢᠯᠡᠵᠤ᠂ ᠠᠶᠤᠯ ᠥᠬᠡᠶ ᠤᠶᠢᠯᠡᠳᠪᠤᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠲᠦᠷ ᠴᠠᠭ ᠳᠠᠭᠠᠭᠠᠨ ᠭᠦᠢᠴᠡᠳᠭᠡᠬᠦ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠠᠬᠢᠭᠤᠯᠤᠨ᠎ᠠ᠃ ᠬᠤᠲᠠ ᠶᠢᠨ ᠬᠡᠪᠴᠢᠶᠡᠨ ᠳᠤ ᠨᠡᠯᠢᠶᠡᠳ ᠶᠡᠭᠡ ᠠᠴᠠ ᠳᠡᠭᠡᠭᠰᠢᠬᠢ ᠭᠠᠶ ᠭᠠᠮᠰᠢᠭ ᠤᠨ ᠠᠳᠡᠯ ᠲᠣᠬᠢᠶᠠᠯᠳᠤᠪᠠᠯ᠂ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠲᠡᠷᠡ ᠳᠠᠷᠤᠶ ᠳᠤᠨᠢ ᠲᠤᠬᠠᠶ ᠶᠢᠨ ᠲᠠᠯᠠᠪᠤᠷ ᠲᠤ ᠬᠦᠷᠴᠦ ᠠᠪᠤᠷᠠᠨ ᠲᠤᠰᠠᠯᠠᠵᠤ ᠰᠢᠢᠳᠪᠤᠷᠢᠯᠡᠬᠦ ᠠᠵᠢᠯ ᠢ ᠰᠢᠮᠳᠠᠭᠤᠯᠤᠨ ᠵᠢᠯᠣᠭᠤᠳᠬᠤ ᠬᠡᠷᠡᠭᠲᠡᠶ᠃    ᠡᠯ᠎ᠡ ᠰᠢᠶᠠᠩ ᠪᠠᠯᠭᠠᠰᠤ ᠶᠢᠨ ᠠᠷᠠᠳ  ᠤᠨ ᠵᠠᠰᠠᠭ  ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶  ᠭᠤᠣᠯ ᠤᠳᠤᠷᠢᠳᠤᠯᠭ᠎ᠠ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠠᠶᠤᠯ ᠥᠭᠡᠢ ᠦᠢᠯᠡᠳᠪᠦᠷᠢᠯᠡᠯ  ᠤᠨ ᠺᠣᠮᠢᠰ  ᠤᠨ ᠡᠷᠬᠢᠯᠡᠭᠴᠢ ᠶᠢᠨ ᠲᠤᠰᠢᠶᠠᠯ  ᠢ ᠡᠭᠦᠷᠭᠡᠯᠡᠵᠦ᠂ ᠠᠶᠤᠯ ᠥᠭᠡᠢ ᠦᠢᠯᠡᠳᠪᠦᠷᠢᠯᠡᠯ  ᠤᠨ ᠠᠵᠢᠯ  ᠤᠨ ᠬᠤᠷᠠᠯ   ᠢ ᠤᠯᠠᠷᠢᠯ ᠪᠦᠷᠢ ᠠᠳᠠᠭ ᠲᠠᠭᠠᠨ ᠨᠢᠭᠡ ᠤᠳᠠᠭ᠎ᠠ ᠬᠤᠷᠠᠯᠳᠤᠭᠤᠯᠵᠤ᠂ ᠠᠶᠤᠯ ᠥᠭᠡᠢ ᠦᠢᠯᠡᠳᠪᠦᠷᠢᠯᠡᠯ  ᠤᠨ ᠠᠵᠢᠯ   ᠤᠨ ᠪᠡᠯᠡ ᠮᠥᠩᠭᠦ ᠶᠢ ᠲᠥᠰᠦᠪ  ᠤᠨ ᠪᠠᠲᠤᠯᠠᠭ᠎ᠠ ᠳᠤ ᠣᠷᠣᠭᠤᠯᠵᠤ᠂ ᠠᠶᠤᠯ ᠥᠭᠡᠢ ᠦᠢᠯᠡᠳᠪᠦᠷᠢᠯᠡᠯ  ᠤᠨ ᠴᠢᠬᠤᠯᠠ ᠶᠡᠭᠡ ᠠᠰᠠᠭᠤᠳᠠᠯ  ᠢ ᠰᠤᠳᠤᠯᠤᠨ  ᠰᠢᠢᠳᠪᠤᠷᠢᠯᠡᠵᠤ᠂ ᠠᠶᠤᠯ ᠥᠭᠡᠢ ᠦᠢᠯᠡᠳᠪᠦᠷᠢᠯᠡᠯ ‍ᠤᠨ‌ᠡᠭᠦᠷᠭᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠣᠯᠤᠨ ᠲᠥᠷ ᠴᠠᠭ ᠳᠠᠭᠠᠭᠠᠨ ᠭᠦᠢᠴᠡᠳᠬᠡᠬᠦ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠲᠥᠯᠬᠢᠨ ᠠᠬᠢᠭᠤᠯᠬᠤ ᠬᠡᠷᠡᠭᠲᠡᠶ᠃ ᠬᠠᠷᠢᠶᠠᠲᠤ ᠣᠷᠣᠨ ᠳᠤ ᠡᠩ ᠤᠨ ᠭᠠᠶ ᠭᠠᠮᠰᠢᠭ ᠤᠨ ᠠᠳᠡᠯ ᠲᠣᠬᠢᠶᠠᠯᠳᠤᠪᠠᠯ᠂ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠲᠡᠷᠡ ᠳᠠᠷᠤᠶ ᠳᠤᠨᠢ ᠲᠤᠬᠠᠶ ᠶᠢᠨ ᠲᠠᠯᠠᠪᠤᠷ ᠲᠤ ᠬᠦᠷᠴᠦ ᠠᠪᠤᠷᠠᠨ ᠲᠤᠰᠠᠯᠠᠵᠤ  ᠰᠢᠢᠳᠪᠤᠷᠢᠯᠡᠬᠦ ᠠᠵᠢᠯ ᠢ ᠬᠢᠨᠠᠨ ᠵᠢᠯᠣᠭᠤᠳᠬᠤ ᠬᠡᠷᠡᠭᠲᠡᠶ᠃    ᠬᠤᠶᠠᠳᠤᠭᠠᠷ ᠲᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠶᠢᠨ ᠲᠤᠰᠢᠶᠠᠯ ᠬᠠᠷᠢᠭᠤᠴᠠᠯᠭ᠎ᠠ ᠶᠢᠨ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠤᠰᠤᠳ ᠤᠳᠤᠷᠢᠳᠤᠯᠭ᠎ᠠ ᠬᠤᠲᠠ ᠶᠢᠨ ᠠᠶᠤᠯ ᠥᠬᠡᠶ ᠤᠶᠢᠯᠡᠳᠪᠦᠷᠢᠯᠡᠯ ᠤᠨ ᠵᠥᠪᠯᠡᠯ ᠤᠨ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ᠂ ᠬᠤᠪᠢᠳᠠᠨ ᠬᠠᠮᠢᠶᠠᠷᠴᠤ ᠪᠥᠬᠦᠶ ᠠᠵᠢᠯ ᠲᠥᠷᠥᠯ ︵ᠬᠦᠷᠢᠶ᠎ᠡ ᠴᠠᠷᠠᠭ᠎ᠠ︶᠂ ᠰᠠᠯᠠᠭ᠎ᠠ ᠮᠥᠴᠢᠷ ︵ᠨᠢᠭᠡᠴᠡ︶ ᠢ ᠵᠣᠬᠢᠶᠠᠨ ᠪᠠᠶᠢᠭᠤᠯᠤᠨ ᠠᠶᠤᠯ ᠥᠬᠡᠶ ᠤᠶᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠦᠷᠢᠨᠰᠢᠬᠦᠯᠦᠨ ᠨᠠᠶᠢᠳᠠᠪᠤᠷᠢᠵᠢᠭᠤᠯᠵᠤ᠂ ᠠᠶᠤᠯ ᠥᠬᠡᠶ ᠤᠶᠢᠯᠡᠳᠪᠦᠷᠢᠯᠡᠯ ᠤᠨ ᠠᠵᠢᠯ ᠢ ᠲᠤᠬᠠᠶᠢᠯᠠᠭᠰᠠᠨ ᠠᠵᠢᠯ ᠯᠤᠭ᠎ᠠ ᠵᠡᠷᠭᠡ ᠳᠤᠨᠢ ᠳᠣᠭᠢᠷᠠᠭᠤᠯᠤᠨ ᠪᠠᠶᠢᠷᠢᠯᠠᠭᠤᠯᠵᠤ᠂ ᠵᠡᠷᠭᠡ ᠳᠤᠨᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠡᠷᠭᠡ ᠳᠤᠨᠢ ᠬᠢᠨᠠᠯᠲᠠ ᠲᠠᠯᠪᠢᠵᠤ ᠪᠠᠶᠢᠴᠠᠭᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠭᠠᠯ ᠤᠨᠲᠠᠷᠠᠭᠠᠬᠤ ᠠᠮᠤᠷ ᠲᠦᠪᠰᠢᠨ ᠤ ᠰᠢᠰᠲ᠋ᠧᠮ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠳᠠᠭᠠᠭᠠᠴᠢᠯᠠᠨ ᠬᠤᠯᠪᠣᠭᠠᠯᠠᠭᠰᠠᠨ ᠭᠠᠵᠠᠷ ᠣᠷᠣᠨ ︵ᠨᠢᠭᠡᠴᠡ︶ ᠤ ᠠᠶᠤᠯ ᠥᠬᠡᠶ ᠤᠶᠢᠯᠡᠳᠪᠦᠷᠢᠯᠡᠯ ᠤᠨ ᠠᠵᠢᠯ ᠢ ᠲᠦᠷᠦᠭᠦᠯᠡᠨ ᠰᠢᠮᠳᠠᠭᠤᠯᠤᠨ ᠵᠢᠯᠣᠭᠤᠳᠴᠤ ᠪᠠᠶᠢᠴᠠᠭᠠᠵᠤ᠂ ᠠᠶᠤᠯ ᠥᠬᠡᠶ ᠤᠶᠢᠯᠡᠳᠪᠦᠷᠢᠯᠡᠯ ᠤᠨ ᠲᠤᠰᠬᠠᠶ  ᠵᠤᠶᠢᠯ ᠢᠶᠠᠷ ᠴᠡᠭᠴᠡᠯᠡᠨ ᠵᠠᠰᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠲᠤᠰᠬᠠᠶ ᠲᠥᠰᠦᠯ ᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠵᠢᠴᠢ ᠰᠣᠷᠢᠯᠲᠠ ᠬᠢᠬᠦ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠬᠠᠤ ᠠᠪᠤᠷᠠᠨ ᠲᠤᠰᠠᠯᠠᠬᠤ᠂ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠵᠣᠬᠢᠶᠠᠨ ᠪᠠᠶᠢᠭᠤᠯᠤᠨ ᠣᠷᠣᠯᠴᠠᠨ᠎ᠠ᠃ ᠤᠯᠠᠷᠢᠯ ᠪᠦᠷᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠬᠢᠨᠠᠨ ᠵᠥᠪᠰᠢᠶᠡᠷᠡᠵᠦ ᠬᠠᠤᠯᠢ ᠬᠡᠷᠡᠭᠵᠢᠭᠦᠯᠬᠦ᠂ ᠠᠳᠡᠯ ᠤᠨ ᠳᠠᠯᠳᠠ ᠬᠡᠮ᠂ ᠠᠮᠤᠷ ᠲᠦᠪᠰᠢᠨ ᠤ ᠲᠦᠭᠰᠢᠭᠦᠷᠢ᠂ ᠳᠡᠮᠵᠢᠯᠭᠡ ᠪᠠᠲᠤᠯᠠᠭ᠎ᠠ ᠵᠡᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠣᠬᠢᠶᠠᠨ ᠪᠠᠶᠢᠭᠤᠯᠤᠨ ᠵᠠᠳᠠᠯᠵᠤ᠂ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ  ᠰᠢᠢᠳᠪᠦᠷᠢᠯᠡᠵᠤ᠂ ᠠᠶᠤᠯ ᠥᠬᠡᠶ ᠤᠶᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠲᠦᠷ ᠴᠠᠭ ᠳᠠᠭᠠᠭᠠᠨ ᠭᠦᠢᠴᠡᠳᠭᠡᠬᠦ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠠᠬᠢᠭᠤᠯᠤᠨ᠎ᠠ᠃ ᠭᠤᠣᠯᠴᠢᠯᠠᠨ ᠬᠠᠮᠢᠶᠠᠷᠴᠤ ᠪᠠᠶᠢᠭ᠎ᠠ ᠠᠵᠢᠯ ᠲᠥᠷᠥᠯ  ᠤᠨ ᠰᠠᠯᠠᠭ᠎ᠠ ᠮᠥᠴᠢᠷ  ᠠᠶᠤᠯ ᠥᠭᠡᠢ ᠦᠢᠯᠡᠳᠪᠦᠷᠢᠯᠡᠯ  ᠤᠨ ︽ᠬᠠᠤᠯᠢ ᠬᠡᠷᠡᠭᠵᠢᠭᠦᠯᠬᠦ ᠥᠭᠡᠢ︾᠂ ᠬᠦᠨᠳᠦ ᠶᠡᠭᠡ ᠡ᠊ᠨᠳᠡᠯ  ᠤᠨ ᠲᠠᠯᠳᠠ ᠭᠡᠮ  ᠢ ︽ᠵᠢᠭᠰᠠᠭᠠᠨ ᠪᠠᠶᠢᠴᠠᠭᠠᠬᠤ ᠥᠭᠡᠢ︾᠂ ᠲᠤᠰᠬᠠᠶ ᠵᠦᠢᠯ  ᠢᠶᠠᠷ ᠴᠡᠭᠴᠡᠯᠡᠨ ᠵᠠᠰᠠᠬᠤ  ᠢ ᠠᠬᠢᠭᠤᠯᠤᠭᠰᠠᠨ ᠨᠢ ᠬᠦᠴᠦᠨ ᠥᠭᠡᠢ᠂ ᠳᠡᠭᠡᠳᠦ ᠱᠠᠲᠤᠨ  ᠤ ᠰᠠᠯᠠᠭ᠎ᠠ ᠮᠥᠴᠢᠷ ᠠᠴᠠ ᠵᠠᠷᠯᠠᠨ ᠮᠡᠳᠡᠭᠳᠡᠭᠰᠡᠨ ᠵᠡᠷᠭᠡ ᠬᠦᠨᠳᠦ ᠨᠣᠴᠢᠲᠠᠶ ᠪᠠᠶᠢᠳᠠᠯ ᠣᠷᠣᠰᠢᠵᠤ ᠪᠠᠶᠢᠪᠠᠯ᠂ ᠰᠡᠷᠡᠮᠵᠢᠯᠡᠭᠦᠯᠦᠨ ᠰᠠᠨᠠᠭᠤᠯᠬᠤ ᠬᠡᠷᠡᠭᠲᠡᠶ᠃ ᠡᠷᠬᠢᠯᠡᠨ ᠬᠠᠮᠢᠶᠠᠷᠴᠤ ᠪᠠᠶᠢᠭ᠎ᠠ ᠠᠵᠢᠯ ᠲᠦᠷᠦᠯ ᠤᠨ ᠬᠦᠷᠢᠶᠡᠨ ᠳᠤ ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠭᠠᠷᠤᠭᠰᠠᠨ᠂ 30 ᠡᠳᠦᠷ ᠤᠨ ᠳᠣᠲᠣᠷ᠎ᠠ 2 ᠤᠳᠠᠭ᠎ᠠ ︵ᠪᠠᠭᠲᠠᠨ᠎ᠠ︶ ᠠᠴᠠ ᠳᠡᠭᠡᠭᠰᠢᠬᠢ ᠡᠩ ᠤᠨ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠭᠠᠷᠤᠭᠰᠠᠨ᠂ 6 ᠰᠠᠷ᠎ᠠ ᠶᠢᠨ ᠳᠣᠲᠣᠷ᠎ᠠ 3 ᠤᠳᠠᠭ᠎ᠠ ︵ᠪᠠᠭᠲᠠᠨ᠎ᠠ︶ ᠠᠴᠠ ᠳᠡᠭᠡᠭᠰᠢᠬᠢ ᠡᠩ ᠤᠨ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠪᠠ ᠪᠤᠰᠤᠳ ᠮᠠᠭᠤ ᠨᠥᠯᠥᠭᠡ ᠲᠠᠢ ᠡ᠊ᠨᠳᠡᠯ ᠭᠠᠷᠤᠭᠰᠠᠨ᠃ ᠬᠤᠳᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠬᠤᠯᠪᠣᠭᠳᠠᠯ ᠪᠦᠬᠦᠢ ᠰᠢᠶᠠᠩ ᠪᠠᠯᠭᠠᠰᠤᠨ ᠤ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠪᠤᠶᠤ ᠬᠤᠳᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠬᠤ ᠬᠡᠷᠡᠭᠲᠡᠶ᠃    ᠰᠢᠶᠠᠩ ᠪᠠᠯᠭᠠᠰᠤ ᠶᠢᠨ ᠠᠷᠠᠳ ᠤᠨ ᠵᠠᠰᠠᠭ  ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶  ᠤ ᠪᠤᠰᠤᠳ ᠤᠳᠤᠷᠢᠳᠤᠯᠭ᠎ᠠ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠠᠶᠤᠯ ᠥᠭᠡᠢ ᠦᠢᠯᠡᠳᠪᠦᠷᠢᠯᠡᠯ  ᠤᠨ ᠺᠣᠮᠢᠰ ᠤᠨ ᠳᠡᠳ᠋ ᠡᠷᠬᠢᠯᠡᠭᠴᠢ ᠶᠢᠨ ᠲᠤᠰᠢᠶᠠᠯ  ᠢ ᠡᠭᠦᠷᠭᠡᠯᠡᠵᠦ᠂ ᠬᠤᠪᠢᠳᠠᠨ ᠬᠠᠮᠢᠶᠠᠷᠴᠤ ᠪᠥᠬᠦᠢ ᠠᠵᠢᠯ ᠲᠥᠷᠥᠯ  ᠤᠨ ᠬᠦᠷᠢᠶ᠎ᠡ᠂ ᠰᠠᠯᠠᠭ᠎ᠠ ᠲᠡᠰᠤᠬ ᠥᠷᠳᠡᠭᠡ ᠭᠠᠵᠠᠷ  ᠢ ᠵᠣᠬᠢᠶᠠᠨ ᠪᠠᠶᠢᠭᠤᠯᠤᠨ ᠠᠶᠤᠯ ᠥᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ  ᠶᠢᠨ ᠲᠥᠷᠢᠮ  ᠢ ᠪᠥᠷᠢᠨᠰᠢᠬᠦᠯᠥᠨ ᠨᠠᠶᠢᠳᠠᠪᠤᠷᠢᠵᠢᠭᠤᠯᠵᠤ᠂ ᠠᠶᠤᠯ ᠥᠭᠡᠢ ᠦᠢᠯᠡᠳᠪᠦᠷᠢᠯᠡᠯ   ᠤᠨ ᠠᠵᠢᠯ ᠬᠢᠭᠡᠳ ᠲᠤᠬᠠᠶᠢᠯᠠᠭᠰᠠᠨ ᠠᠵᠢᠯ  ᠢ ᠵᠡᠷᠭᠡ  ᠲᠤᠨᠢ ᠲᠣᠬᠢᠷᠠᠭᠤᠯᠤᠨ ᠪᠠᠶᠢᠷᠢᠯᠠᠭᠤᠯᠵᠤ᠂ ᠵᠡᠷᠭᠡ ᠲᠤᠨᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠡᠷᠭᠡ ᠲᠤᠨᠢ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠭᠠᠯ ᠤᠨᠲᠠᠷᠠᠭᠠᠬᠤ ᠠᠮᠤᠷ ᠲᠦᠪᠰᠢᠨ ᠤ ᠰᠢᠰᠲ᠋ᠧᠮ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠪᠤᠭᠤᠲᠤ ᠲᠣᠰᠬᠤᠨ ᠤ ᠰᠠᠭᠤᠭᠠᠯᠢ ᠠᠷᠠᠳ ︵ᠨᠢᠭᠡᠴᠡ︶ ᠤᠨ ᠠᠶᠤᠯ ᠥᠬᠡᠶ ᠤᠶᠢᠯᠡᠳᠪᠦᠷᠢᠯᠡᠯ ᠤᠨ ᠠᠵᠢᠯ ᠢ ᠲᠦᠷᠦᠭᠦᠯᠡᠨ ᠰᠢᠮᠳᠠᠭᠤᠯᠤᠨ ᠵᠢᠯᠣᠭᠤᠳᠴᠤ ᠪᠠᠶᠢᠴᠠᠭᠠᠵᠤ᠂ ᠠᠶᠤᠯ ᠥᠬᠡᠶ ᠤᠶᠢᠯᠡᠳᠪᠦᠷᠢᠯᠡᠯ ᠤᠨ ᠲᠤᠰᠬᠠᠶ  ᠵᠤᠶᠢᠯ ᠢᠶᠠᠷ ᠴᠡᠭᠴᠡᠯᠡᠨ ᠵᠠᠰᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠲᠤᠰᠬᠠᠶ ᠲᠥᠰᠦᠯ ᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠵᠢᠴᠢ ᠰᠣᠷᠢᠯᠲᠠ ᠬᠢᠬᠦ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠨ ᠲᠤᠰᠠᠯᠠᠬᠤ᠂ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠵᠣᠬᠢᠶᠠᠨ ᠪᠠᠶᠢᠭᠤᠯᠤᠨ ᠣᠷᠣᠯᠴᠠᠨ᠎ᠠ᠃ ᠤᠯᠠᠷᠢᠯ ᠪᠦᠷᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠬᠢᠨᠠᠨ ᠵᠥᠪᠰᠢᠶᠡᠷᠡᠵᠦ ᠬᠠᠤᠯᠢ ᠬᠡᠷᠡᠭᠵᠢᠭᠦᠯᠬᠦ᠂ ᠠᠳᠡᠯ ᠤᠨ ᠳᠠᠯᠳᠠ ᠬᠡᠮ᠂ ᠠᠮᠤᠷ ᠲᠦᠪᠰᠢᠨ ᠤ ᠲᠦᠭᠰᠢᠭᠦᠷᠢ᠂ ᠳᠡᠮᠵᠢᠯᠭᠡ ᠪᠠᠲᠤᠯᠠᠭ᠎ᠠ ᠵᠡᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠣᠬᠢᠶᠠᠨ ᠪᠠᠶᠢᠭᠤᠯᠤᠨ ᠵᠠᠳᠠᠯᠵᠤ᠂ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ  ᠰᠢᠢᠳᠪᠦᠷᠢᠯᠡᠵᠣ᠂ ᠠᠶᠤᠯ ᠥᠬᠡᠶ ᠤᠶᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠲᠦᠷ ᠴᠠᠭ ᠳᠠᠭᠠᠭᠠᠨ ᠭᠦᠶ᠋ᠴᠡᠳᠬᠡᠬᠦ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠠᠬᠢᠭᠤᠯᠤᠨ᠎ᠠ᠃ ᠭᠤᠣᠯᠯᠠᠨ ᠬᠠᠮᠢᠶᠠᠷᠴᠤ ᠪᠠᠶᠢᠭ᠎ᠠ ᠬᠦᠷᠢᠶᠡᠨ ᠳᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠷᠴᠢᠮ ᠰᠤᠯᠠ ᠪᠠᠶᠢᠬᠤ᠂ ᠬᠤᠳᠠ ᠶᠢᠨ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ ᠰᠠᠯᠠᠭ᠎ᠠ ᠮᠥᠴᠢᠷ ᠲᠤ ᠮᠡᠳᠡᠭᠳᠡᠭᠰᠡᠨ ᠵᠡᠷᠭᠡ ᠬᠦᠨᠳᠦ ᠨᠣᠴᠢᠲᠠᠢ ᠪᠠᠶᠢᠳᠠᠯ ᠣᠷᠣᠰᠢᠵᠤ ᠪᠠᠶᠢᠪᠠᠯ᠂ ᠰᠡᠷᠡᠮᠵᠢᠯᠡᠭᠦᠯᠦᠨ ᠰᠠᠨᠠᠭᠤᠯᠬᠤ ᠬᠡᠷᠡᠭᠲᠡᠢ᠃    ᠭᠤᠷᠪᠠᠳᠤᠭᠠᠷ ᠲᠤ᠂ ᠠᠵᠢᠯ ᠲᠦᠷᠦᠯ ᠤᠨ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢᠨ ᠬᠤᠲᠠ ᠶᠢᠨ ᠠᠵᠢᠯ ᠲᠥᠷᠥᠯ ᠤᠨ ᠬᠦᠷᠢᠶᠡᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠶᠤᠯᠭᠦᠶ ᠤᠶᠢᠯᠡᠳᠪᠦᠷᠢᠯᠡᠯ ᠤᠨ ᠠᠵᠢᠯ ᠢ ᠠᠵᠢᠯ ᠲᠥᠷᠥᠯ ᠤᠨ ᠬᠦᠷᠢᠶᠡᠨ ᠤ ᠬᠠᠮᠢᠶᠠᠷᠤᠯᠲᠠ ᠶᠢᠨ ᠴᠢᠬᠤᠯᠠ ᠠᠭᠤᠯᠭ᠎ᠠ ᠪᠣᠯᠭᠠᠵᠤ᠂ ᠠᠵᠢᠯ ᠲᠥᠷᠥᠯ ᠤᠨ ᠲᠥᠯᠥᠪᠵᠢᠭᠦᠯᠭᠡ᠂ ᠠᠵᠤ ᠤᠶᠢᠯᠡᠰ ᠤᠨ ᠲᠥᠷᠥ ᠶᠢᠨ ᠪᠣᠳᠣᠯᠭ᠎ᠠ᠂ ᠵᠢᠷᠤᠮᠵᠢᠭᠤᠯᠬᠤ ᠪᠠᠷᠢᠮᠵᠢᠶ᠎ᠠ ᠵᠡᠷᠭᠡ ᠲᠠᠯ᠎ᠠ ᠪᠠᠷ ᠠᠵᠢᠯ ᠲᠥᠷᠥᠯ ᠤᠨ ᠬᠦᠷᠢᠶᠡᠨ ᠤ ᠠᠶᠤᠯᠭᠦᠶ  ᠤᠶᠢᠯᠡᠳᠪᠦᠷᠢᠯᠡᠯ ᠤᠨ ᠠᠵᠢᠯ ᠢ ᠴᠢᠩᠭᠠᠳᠬᠠᠵᠤ᠂ ᠠᠵᠤ ᠠᠬᠤᠶᠢᠯᠠᠯ ᠠᠵᠢᠯ  ᠤᠶᠢᠯᠡᠰ ᠤᠨ ᠨᠢᠭᠡᠴᠡ ᠶᠢ ᠵᠢᠯᠣᠭᠤᠳᠤᠨ ᠰᠢᠪᠠᠳᠠᠵᠤ ᠪᠠᠶᠢᠭᠠᠳ ᠠᠶᠤᠯᠭᠦᠶ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ︽ᠨᠢᠭᠡ ᠲᠠᠯ᠎ᠠ ᠪᠠᠷ ᠬᠢᠨᠠᠨ ᠵᠥᠪᠰᠢᠶᠡᠷᠡᠬᠦ᠂ ᠨᠢᠭᠡ ᠲᠠᠯ᠎ᠠ ᠪᠠᠷ ᠵᠢᠷᠤᠭᠯᠠᠨ ᠲᠥᠯᠥᠪᠯᠡᠬᠦ᠂ ᠨᠢᠭᠡ ᠲᠠᠯ᠎ᠠ ᠪᠠᠷ ᠪᠠᠷᠢᠯᠭ᠎ᠠ ᠪᠠᠷᠢᠬᠤ︾ ᠶᠢ ᠴᠢᠩᠭ᠎ᠠ ᠴᠠᠭᠠᠵᠠᠯᠠᠵᠤ᠂ ᠲᠥᠷᠥᠯ  ᠵᠤᠶᠢᠯ ᠤᠨ ᠬᠢᠨᠠᠨ ᠵᠥᠪᠰᠢᠶᠡᠷᠡᠯ ᠤᠨ ᠠᠮᠤᠷ ᠲᠦᠪᠰᠢᠨ ᠤ ᠤᠯᠠᠭᠠᠨ ᠱᠤᠭᠤᠮ ᠢ ᠪᠠᠲᠤ   ᠰᠠᠬᠢᠨ᠎ᠠ᠃ ᠠᠵᠢᠯ ᠲᠥᠷᠥᠯ ᠤᠨ ᠬᠦᠷᠢᠶᠡᠨ ᠳᠠᠬᠢ ᠠᠶᠤᠯ ᠥᠬᠡᠶ  ᠤᠶᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ᠂ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ᠂ ᠬᠦᠨᠳᠦ ᠶᠡᠭᠡ ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠨᠡᠶᠢᠲᠡᠯᠢᠭ ᠠᠳᠡᠯ ᠢ  ᠰᠢᠢᠳᠪᠦᠷᠢᠯᠡᠭᠰᠡᠨ ᠵᠡᠷᠭᠡ ᠪᠠᠶᠢᠳᠠᠯ ᠢ ᠤᠯᠠᠷᠢᠯ ᠪᠦᠷᠢ ᠵᠣᠬᠢᠶᠠᠨ ᠪᠠᠶᠢᠭᠤᠯᠤᠨ ᠵᠠᠳᠠᠯᠵᠤ᠂ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠶ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ  ᠰᠢᠢᠳᠪᠦᠷᠢᠯᠡᠬᠦ ᠶᠠᠪᠤᠴᠠ ᠳᠤ ᠠᠶᠤᠯᠭᠦᠶ ᠶᠢᠨ ᠤᠬᠠᠭᠤᠯᠭ᠎ᠠ ᠬᠥᠮᠦᠵᠢᠯ ᠬᠢᠵᠦ᠂ ᠠᠶᠤᠯᠭᠦᠶ ᠶᠢᠨ ᠲᠦᠭᠰᠢᠭᠦᠷᠢ ᠶᠢᠨ ᠦᠨᠡᠯᠡᠨ ᠵᠢᠱᠢᠯᠲᠡ ᠶᠢ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ᠃ ᠠᠵᠤ ᠠᠬᠤᠶᠢᠯᠠᠯ ‍ᠤᠨ‌ᠭᠤᠣᠯ ᠬᠠᠷᠢᠭᠤᠴᠠᠯᠭᠠᠲᠠᠨ᠂ ᠠᠶᠤᠯ ᠥᠭᠡᠢ ᠶᠢᠨ ᠬᠠᠮᠢᠶᠠᠷᠤᠯᠲᠠ ᠶᠢᠨ ᠠᠵᠢᠯᠳᠠᠨ ᠢ ᠬᠠᠭᠠᠰ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠵᠣᠬᠢᠶᠠᠨ ᠪᠠᠶᠢᠭᠤᠯᠤᠨ ᠲᠥᠪᠯᠡᠷᠡᠭᠦᠯᠦᠨ ᠪᠣᠯᠪᠠᠰᠤᠷᠠᠭᠤᠯᠵᠤ ᠬᠥᠮᠦᠵᠢᠭᠦᠯᠬᠦ ᠬᠡᠷᠡᠭᠲᠡᠶ᠃ ᠵᠥᠪᠳᠡᠯᠴᠡᠨ ᠰᠤᠳᠤᠯᠤᠨ ᠮᠠᠭᠠᠳᠯᠠᠬᠤ᠂ ᠬᠠᠮᠲᠤᠷᠠᠨ ᠬᠠᠤᠯᠢ ᠬᠡᠷᠡᠭᠵᠢᠭᠦᠯᠬᠦ᠂ ᠠᠰᠠᠭᠤᠳᠠᠯ ᠢ ᠰᠢᠯᠵᠢᠭᠦᠯᠦᠨ ᠲᠤᠰᠢᠶᠠᠬᠤ᠂ ᠱᠦᠭᠯᠦ ᠦᠯᠢᠶᠡᠵᠦ ᠨᠡᠷ᠎ᠡ ᠮᠡᠳᠡᠭᠦᠯᠬᠦ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠴᠤᠭᠭᠠᠷ ᠠᠳᠬᠤᠵᠤ ᠬᠠᠮᠲᠤ  ᠪᠠᠷ ᠬᠠᠮᠢᠶᠠᠷᠬᠤ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ  ᠪᠦᠷᠢᠯᠳᠦᠭᠦᠯᠦᠨ᠎ᠡ᠃    ᠳᠥᠷᠪᠡᠳᠦᠭᠡᠷ ᠲᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠠᠶᠤᠯ ᠥᠭᠡᠢ ᠦᠢᠯᠡᠳᠪᠦᠷᠢᠯᠡᠯ ᠲᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠲᠠᠢ ᠬᠤᠳᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠡ ᠨᠦᠭᠦᠳ ᠠᠶᠤᠯ ᠥᠭᠡᠢ ᠦᠢᠯᠡᠳᠪᠦᠷᠢᠯᠡᠯ ‍ᠤᠨ‌ᠡᠷᠬᠡ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠪᠣᠯᠤᠨ ᠬᠢᠨᠠᠨ ᠬᠠᠮᠢᠶᠠᠷᠬᠤ ᠲᠥᠷᠢᠮ  ᠢ ᠪᠠᠶᠢᠭᠤᠯᠤᠨ ᠪᠥᠷᠢᠨᠰᠢᠬᠦᠯᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠥᠭᠡᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠤᠯᠲᠠ᠂ ᠠᠶᠤᠯ ᠥᠭᠡᠢ ᠶᠢᠨ ᠲᠦᠭᠰᠢᠭᠦᠷᠢ ᠶᠢ ᠲᠡᠰ ᠬᠤᠪᠢᠶᠠᠨ ᠬᠠᠮᠢᠶᠠᠷᠤᠨ ᠡᠵᠡᠮᠳᠡᠬᠦ ᠪᠠ ᠲᠠᠯᠳᠠ ᠭᠡᠮ  ᠢ ᠵᠢᠭᠰᠠᠭᠠᠨ ᠪᠠᠶᠢᠴᠠᠭᠠᠵᠤ ᠵᠠᠰᠠᠬᠤ ᠳᠠᠪᠬᠤᠷ ᠤᠷᠢᠳᠴᠢᠯᠠᠨ ᠰᠡᠷᠭᠡᠶᠢᠯᠡᠬᠦ ᠲᠣᠭᠲᠠᠴᠠ ᠶᠢᠨ ᠪᠠᠶᠢᠭᠤᠯᠤᠯᠲᠠ ᠵᠡᠷᠭᠡ ᠠᠵᠢᠯ ᠥᠷᠨᠢᠭᠦᠯᠬᠦ ᠶᠢ ᠲᠥᠯᠬᠢᠨ ᠠᠬᠢᠭᠤᠯᠬᠤ ᠬᠡᠷᠡᠭᠲᠡᠶ᠃ ᠠᠶᠤᠯᠭᠦᠶ ᠦᠢᠯᠡᠳᠪᠦᠷᠢᠯᠡᠯ ᠳᠤ ᠬᠤᠯᠪᠣᠭᠳᠠᠬᠤ ᠵᠦᠢᠯᠡᠰ ᠢ ᠬᠠᠤᠯᠢ ᠶᠣᠰᠣᠭᠠᠷ ᠬᠢᠨᠠᠨ ᠪᠠᠶᠢᠴᠠᠭᠠᠵᠤ ᠵᠥᠪᠰᠢᠶᠡᠷᠡᠬᠦ ︵ᠵᠥᠪᠰᠢᠶᠡᠷᠡᠬᠦ᠂ ᠬᠢᠨᠠᠨ ᠵᠥᠪᠰᠢᠶᠡᠷᠡᠬᠦ᠂ ᠵᠥᠪᠰᠢᠶᠡᠷᠡᠬᠦ᠂ ᠳᠠᠩᠰᠠᠯᠠᠬᠤ᠂ ᠭᠡᠷᠡᠴᠢᠯᠡᠬᠦ᠂ ᠦᠨᠡᠮᠯᠡᠯ ᠣᠯᠭᠤᠬᠤ᠂ ᠳᠠᠩᠰᠠᠯᠠᠬᠤ ᠵᠡᠷᠭᠡ ᠪᠠᠭᠲᠠᠨ᠎ᠠ︶ ᠪᠤᠶᠤ ᠰᠢᠯᠭᠠᠨ ᠠᠪᠬᠤ ᠶᠢᠨ ᠬᠠᠮᠲᠤ ᠵᠥᠪᠰᠢᠶᠡᠷᠡᠭᠰᠡᠨ ᠵᠦᠢᠯᠡᠰ ᠲᠤ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠠᠪᠤᠭᠤᠯᠤᠨ᠎ᠠ᠃ ᠠᠶᠤᠯ ᠥᠭᠡᠢ ᠦᠢᠯᠡᠳᠪᠦᠷᠢᠯᠡᠯ ᠤᠨ ᠵᠠᠰᠠᠭ ᠵᠠᠬᠢᠷᠭᠠᠨ  ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ  ᠢ ᠬᠠᠤᠯᠢ ᠶᠣᠰᠣᠭᠠᠷ ᠲᠥᠯᠥᠪᠯᠡᠭᠡ ᠶᠣᠰᠣᠭᠠᠷ ᠥᠷᠨᠢᠭᠦᠯᠵᠦ ᠂ ᠠᠶᠤᠯ ᠥᠭᠡᠢ ᠦᠢᠯᠡᠳᠪᠦᠷᠢᠯᠡᠯ  ᠤᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠤ᠂ ᠬᠢᠨᠠᠯᠲᠠ ᠲᠠᠯᠪᠢᠵᠤ ᠪᠠᠶᠢᠴᠠᠭᠠᠬᠤ ᠳᠤᠮᠳᠠ ᠣᠯᠵᠤ ᠮᠡᠳᠡᠭᠰᠡᠨ ᠦᠢᠯᠡᠳᠪᠦᠷᠢᠯᠡᠯ  ᠤᠨ ᠠᠶᠤᠯ ᠥᠭᠡᠢ ᠶᠢᠨ ᠡ᠊ᠨᠳᠡᠯ  ᠤᠨ ᠲᠠᠯᠳᠠ ᠭᠡᠮ  ᠢ ᠵᠠᠷᠯᠢᠭᠳᠠᠵᠤ ᠪᠠᠶᠢᠭᠠᠳ ᠳᠠᠷᠦ᠋ᠢᠬᠠᠨ ᠪᠤᠶᠤ ᠬᠤᠭᠤᠴᠠᠭ᠎ᠠ ᠬᠢᠵᠠᠭᠠᠷᠯᠠᠨ ᠠᠷᠢᠯᠭᠠᠭᠤᠯᠬᠤ ᠶᠢᠨ ᠬᠠᠮᠲᠤ ᠬᠠᠤᠯᠢ ᠲᠣᠭᠲᠠᠭᠠᠯ ᠶᠣᠰᠣᠭᠠᠷ ᠵᠠᠰᠠᠭ ᠵᠠᠬᠢᠷᠭᠠᠨ  ᠤ ᠰᠢᠳᠬᠡᠯ ᠥᠭᠬᠦ ᠬᠡᠷᠡᠭᠲᠡᠶ᠃ ︽ᠬᠠᠤᠯᠢ ᠪᠤᠰᠤ  ᠤᠶᠢᠯᠡ ᠠᠵᠢᠯᠯᠠᠭ᠎ᠠ ᠳᠤ ᠴᠣᠬᠢᠯᠲᠠ ᠥᠭᠴᠦ ᠬᠠᠤᠯᠢ ᠪᠤᠰᠤ  ᠤᠶᠢᠯᠡ ᠠᠵᠢᠯᠯᠠᠭ᠎ᠠ ᠶᠢ ᠵᠠᠰᠠᠬᠤ︾ ᠶᠢ ᠦᠷᠭᠦᠯᠵᠢᠯᠡᠨ ᠥᠷᠨᠢᠭᠦᠯᠵᠦ᠂ ᠬᠠᠤᠯᠢ ᠪᠤᠰᠤ ᠬᠠᠤᠯᠢ ᠠᠴᠠ ᠵᠥᠷᠢᠴᠡᠭᠰᠡᠨ  ᠤᠶᠢᠯᠡ ᠠᠵᠢᠯᠯᠠᠭ᠎ᠠ ᠳᠤ  ᠤᠶᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠬᠦ᠂ ᠬᠠᠭᠠᠵᠤ ᠬᠦᠴᠦᠨ ᠥᠬᠡᠶ ᠪᠣᠯᠭᠠᠬᠤ᠂ ᠳᠡᠭᠡᠳᠦ ᠬᠢᠵᠠᠭᠠᠷ ᠢ ᠨᠢ ᠬᠢᠵᠠᠭᠠᠷᠯᠠᠨ ᠰᠢᠳᠬᠡᠬᠦ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠨᠠᠷᠢᠯᠢᠭ ᠣᠨᠣᠴᠠᠲᠠᠶ ᠪᠠᠷ ᠠᠪᠴᠤ᠂ ᠥᠨᠳᠥᠷ ᠳᠠᠷᠤᠯᠲᠠᠲᠤ ᠪᠠᠶᠢᠳᠠᠯ ᠢ ᠪᠣᠶ ᠪᠣᠯᠭᠠᠨ᠎ᠠ᠃ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ︽ᠡᠷᠡᠭᠦᠦ ᠰᠢᠳᠬᠡᠯ ᠢ ᠵᠣᠯᠭᠠᠭᠤᠯᠬᠤ︾ ᠶᠢ ᠶᠡᠭᠡ ᠪᠠᠷ ᠲᠦᠯᠬᠢᠨ ᠠᠬᠢᠭᠤᠯᠤᠨ᠎ᠠ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠤᠷᠢᠳᠴᠢᠯᠠᠭᠰᠠᠨ ᠲᠥᠰᠦᠯ ᠢ ᠲᠣᠭᠲᠠᠭᠠᠬᠤ ᠳᠤ ᠬᠢᠨᠠᠯᠲᠠ ᠲᠠᠯᠪᠢᠵᠤ᠂ ᠬᠤᠯᠪᠣᠭᠳᠠᠯ ᠪᠦᠬᠦᠢ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠ ᠡ᠊ᠨᠳᠡᠯ ᠢ ᠪᠠᠶᠢᠴᠠᠭᠠᠨ  ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠵᠤ᠂ ᠬᠠᠮᠵᠢᠯᠴᠠᠬᠤ ᠪᠤᠶᠤ ᠲᠡᠭᠦᠨ ᠳᠤ ᠣᠷᠣᠯᠴᠠᠵᠤ᠂ ᠡ᠊ᠨᠳᠡᠯ ᠢ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠢᠨᠠᠨ ᠪᠠᠶᠢᠴᠠᠭᠠᠬᠤ ᠪᠤᠶᠤ ᠦᠨᠡᠯᠡᠨ ᠵᠢᠱᠢᠬᠦ ᠬᠡᠷᠡᠭᠲᠡᠶ᠃ ᠠᠶᠤᠯ ᠥᠭᠡᠢ ᠦᠢᠯᠡᠳᠪᠦᠷᠢᠯᠡᠯ ᠤᠨ ᠬᠠᠤᠯᠢ ᠠᠴᠠ ᠵᠥᠷᠢᠴᠡᠭᠰᠡᠨ ᠰᠦᠪᠡᠭᠴᠢ ᠶᠢ ᠨᠡᠪᠲᠡᠷᠡᠭᠦᠯᠬᠦ ᠪᠠ ᠬᠠᠮᠵᠢᠯᠴᠠᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ ᠪᠥᠷᠢᠨᠰᠢᠬᠦᠯᠵᠤ᠂ ᠠᠶᠤᠯ ᠥᠭᠡᠢ ᠦᠢᠯᠡᠳᠪᠦᠷᠢᠯᠡᠯ ᠤᠨ ᠵᠠᠭᠠᠯᠳᠤᠯᠭ᠎ᠠ ᠶᠢ ᠢᠯᠡᠴᠢᠯᠡᠨ ᠮᠡᠳᠡᠭᠦᠯᠬᠦ᠂ ᠰᠢᠶ᠋ᠳᠪᠦᠷᠢᠯᠡᠬᠦ ᠰᠠᠯᠠᠭ᠎ᠠ ᠮᠥᠴᠢᠷ ‍ᠤᠨ‌‍ᠰᠢᠯᠵᠢᠭᠦᠯᠦᠨ ᠲᠤᠰᠢᠶᠠᠭᠰᠠᠨ ᠠᠰᠠᠭᠤᠳᠠᠯ  ᠤᠨ ᠲᠠᠯᠳᠠ ᠭᠡᠮ  ᠢ ᠬᠥᠯᠢᠶᠡᠨ ᠠᠪᠴᠤ  ᠰᠢᠢᠳᠪᠦᠷᠢᠯᠡᠨ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢ ᠲᠦᠭᠡᠮᠡᠯᠵᠢᠭᠦᠯᠬᠦ︾ ᠵᠠᠷᠴᠢᠮ  ᠤᠨ ᠶᠣᠰᠣᠭᠠᠷ ᠠᠶᠤᠯ ᠥᠭᠡᠢ ᠦᠢᠯᠡᠳᠪᠦᠷᠢᠯᠡᠯ  ᠤᠨ ᠬᠠᠤᠯᠢ ᠴᠠᠭᠠᠵᠠ ᠬᠠᠤᠯᠢ ᠲᠣᠭᠲᠠᠭᠠᠯ ‍ᠤᠨ‌ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ  ᠢ ᠴᠢᠩᠭᠠᠳᠬᠠᠬᠤ ᠬᠡᠷᠡᠭᠲᠡᠶ᠃    ᠲᠠᠪᠤᠳᠤᠭᠠᠷ ᠲᠤ᠂ ᠶᠡᠷᠦᠩᠬᠡᠶᠢᠯᠡᠭᠰᠡᠨ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠬᠤᠳᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠤᠯᠪᠣᠭᠳᠠᠯ ᠪᠥᠬᠦᠢ ᠰᠠᠯᠠᠭ᠎ᠠ ᠮᠥᠴᠢᠷ ᠤᠨ ᠠᠶᠤᠯ ᠥᠭᠡᠢ ᠦᠢᠯᠡᠳᠪᠦᠷᠢᠯᠡᠯ ‍ᠤᠨ‌‍ᠲ᠋ᠥ᠋ᠷᠥ ᠶᠢᠨ ᠪᠤᠳᠤᠯᠭ᠎ᠠ ᠶᠢᠨ ᠲᠥᠯᠥᠪᠵᠢᠭᠦᠯᠭᠡ ᠶᠢ ᠲᠣᠭᠲᠠᠭᠠᠵᠤ ᠵᠠᠰᠠᠪᠤᠷᠢ ᠣᠷᠣᠭᠤᠯᠬᠤ ᠪᠠ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠲᠤ ᠬᠢᠨᠠᠯᠲᠠ ᠲᠠᠯᠪᠢᠬᠤ ᠶᠢ ᠬᠠᠷᠢᠭᠤᠴᠠᠨ ᠵᠢᠯᠣᠭᠤᠳᠴᠤ᠂ ᠲᠤᠰ ᠱᠠᠲᠤᠨ  ᠤ ᠠᠷᠠᠳ  ᠤᠨ ᠵᠠᠰᠠᠭ ‍ᠤᠨ‌ᠣᠷᠳᠣᠨ  ᠤ ᠡᠷᠬᠡ ᠣᠯᠭᠤᠭᠰᠠᠨ ᠶᠣᠰᠣᠭᠠᠷ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠳᠤ ᠭᠠᠷᠤᠭᠰᠠᠨ ᠦᠢᠯᠡᠳᠪᠦᠷᠢᠯᠡᠯ ᠤᠨ ᠠᠶᠤᠯ ᠥᠭᠡᠢ ᠶᠢᠨ ᠡ᠊ᠨᠳᠡᠯ ᠢ ᠪᠠᠶᠢᠴᠠᠭᠠᠨ  ᠰᠢᠢᠳᠪᠦᠷᠢᠯᠡᠬᠦ᠂ ᠪᠠᠴᠢᠮ ᠪᠠᠶᠢᠳᠠᠯ ᠢ‌ᠠᠷᠭᠠᠴᠠᠬᠤ ᠶᠢᠨ ᠠᠪᠤᠷᠠᠨ ᠲᠤᠰᠠᠯᠠᠬᠤ ᠬᠠᠮᠢᠶᠠᠷᠤᠯᠲᠠ᠂ ᠪᠠᠴᠢᠮ ᠪᠠᠶᠢᠳᠠᠯ ᠢ‌ᠠᠷᠭᠠᠴᠠᠬᠤ ᠶᠢᠨ ᠬᠠᠮᠢᠶᠠᠷᠤᠯᠲᠠ ᠶᠢᠨ ᠪᠦᠷᠢᠳᠬᠡᠨ ᠵᠠᠳᠠᠯᠬᠤ᠂ ᠤᠬᠠᠭᠤᠯᠭ᠎ᠠ ᠬᠥᠮᠦᠵᠢᠯ ᠬᠢᠬᠦ ᠵᠡᠷᠭᠡ ᠶᠡᠷᠦᠩᠬᠡᠶᠢᠯᠡᠭᠰᠡᠨ ᠴᠢᠨᠠᠷᠲᠠᠶ ᠠᠵᠢᠯ  ᠢ ᠵᠣᠬᠢᠶᠠᠨ ᠪᠠᠶᠢᠭᠤᠯᠤᠨ᠎ᠠ᠃ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠵᠢᠯᠣᠭᠤᠳᠤᠨ ᠵᠣᠬᠢᠴᠠᠭᠤᠯᠵᠤ᠂ ᠬᠢᠨᠠᠯᠲᠠ ᠲᠠᠯᠪᠢᠨ ᠪᠠᠶᠢᠴᠠᠭᠠᠵᠤ᠂ ᠲᠣᠭᠤᠷᠢᠨ ᠪᠠᠶᠢᠴᠠᠭᠠᠵᠤ ᠬᠢᠨᠠᠨ ᠰᠢᠯᠭᠠᠨ᠎ᠠ᠃ ᠰᠡᠷᠡᠮᠵᠢᠯᠡᠭᠦᠯᠦᠨ ᠰᠠᠨᠠᠭᠤᠯᠬᠤ᠂ ᠵᠠᠷᠯᠠᠨ ᠮᠡᠳᠡᠭᠳᠡᠵᠦ ᠪᠣᠯᠵᠣᠨ ᠶᠠᠷᠢᠯᠴᠠᠬᠤ᠂ ᠫᠠᠶᠢᠰᠠ ᠡᠯᠭᠦᠨ ᠰᠢᠮᠳᠠᠭᠤᠯᠤᠨ  ᠭᠦᠢᠴᠡᠳᠭᠡᠬᠦ᠂ ᠲᠠᠰ ᠳᠡᠪᠰᠢᠭᠦᠯᠦᠨ ᠪᠠᠶᠢᠴᠠᠭᠠᠬᠤ ᠶᠢ ᠴᠢᠩᠭᠠᠳᠬᠠᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠬᠤ ᠬᠡᠷᠡᠭᠲᠡᠶ᠃ ᠡᠯ᠎ᠡ ᠠᠶᠤᠯ ᠥᠬᠡᠶ  ᠤᠶᠢᠯᠡᠳᠪᠦᠷᠢᠯᠡᠯ ᠤᠨ ᠲᠤᠰᠬᠠᠶ ᠠᠵᠢᠯ ᠤᠨ ᠵᠥᠪᠯᠡᠯ ᠤᠨ ᠠᠯᠪᠠᠨ ᠬᠡᠷ ᠢ ᠵᠢᠯᠣᠭᠤᠳᠤᠨ ᠲᠣᠰ ᠠᠵᠢᠯ ᠲᠥᠷᠥᠯ ᠤᠨ ᠬᠦᠷᠢᠶᠡᠨ ᠳᠠᠬᠢ ᠠᠶᠤᠯ ᠥᠬᠡᠶ ᠤᠶᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮᠵᠢ ᠪᠠ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠬᠦᠯᠵᠦ᠂ ᠲᠣᠰ ᠠᠵᠢᠯ ᠲᠥᠷᠥᠯ ᠤᠨ ᠬᠦᠷᠢᠶᠡᠨ ᠳᠠᠬᠢ ᠪᠥᠬᠦ ᠬᠡᠯᠬᠢᠶᠡᠰᠦ ᠶᠢᠨ ᠠᠶᠤᠯ ᠥᠬᠡᠶ ᠤᠶᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠂ ᠠᠵᠢᠯ ᠲᠥᠷᠥᠯ ᠤᠨ ᠬᠦᠷᠢᠶᠡᠨ ᠳᠠᠬᠢ ᠠᠶᠤᠯ ᠥᠬᠡᠶ ᠤᠶᠢᠯᠡᠳᠪᠦᠷᠢᠯᠡᠯ ᠤᠨ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃    ᠵᠢᠷᠭᠤᠳᠤᠭᠠᠷ ᠲᠤ᠂ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢᠨ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠠᠶᠤᠯ ᠥᠬᠡᠶ ᠤᠶᠢᠯᠡᠳᠪᠦᠷᠢᠯᠡᠯ ᠤᠨ ᠠᠵᠢᠯ ᠳᠤ ᠳᠡᠮᠵᠢᠯᠭᠡ ᠪᠠᠲᠤᠯᠠᠭ᠎ᠠ ᠬᠠᠩᠭᠠᠬᠤ ᠬᠡᠷᠡᠭᠲᠡᠶ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠠᠴᠠ ᠠᠶᠤᠯᠭᠦᠶ  ᠤᠶᠢᠯᠡᠳᠪᠦᠷᠢᠯᠡᠯ ᠢ ᠠᠵᠢᠯ ᠤᠨ ᠮᠡᠳᠡᠭᠦᠯᠦᠯᠲᠡ᠂ ᠡᠳᠦᠷ ᠲᠤᠲᠤᠮ ᠤᠨ ᠵᠥᠪᠯᠡᠬᠦ  ᠵᠤᠶᠢᠯ᠂ ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠᠨ ᠳᠤ ᠤᠬᠠᠭᠤᠯᠬᠤ ᠰᠠᠯᠠᠭ᠎ᠠ ᠮᠥᠴᠢᠷ ᠤᠳ ᠠᠶᠤᠯᠭᠦᠶ ᠦᠢᠯᠡᠳᠪᠦᠷᠢᠯᠡᠯ ᠤᠨ ᠠᠵᠢᠯ ᠢ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠢᠨᠠᠨ ᠰᠢᠯᠭᠠᠬᠤ ᠠᠭᠤᠯᠭ᠎ᠠ ᠳᠤ ᠣᠷᠣᠭᠤᠯᠵᠤ᠂ ᠰᠣᠨᠢᠨ ᠮᠡᠳᠡᠭᠡᠨ ᠤ ᠵᠠᠭᠤᠴᠢ ᠶᠢ ᠵᠢᠯᠣᠭᠤᠳᠤᠨ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠶ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠪᠡᠯᠡ ᠮᠥᠩᠭᠦ ᠶᠢ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠶᠤᠯ ᠦᠭᠡᠢ ᠦᠢᠯᠡᠳᠪᠦᠷᠢᠯᠡᠯ ᠳᠤ ᠬᠡᠷᠡᠭᠰᠡᠬᠦ ᠠᠵᠢᠯ ᠤᠨ ᠵᠠᠷᠤᠳᠠᠯ ᠢ ᠲᠤᠬᠢᠷᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠠᠷᠤᠳᠠᠯ ᠤᠨ ᠬᠡᠷᠡᠭᠯᠡᠯᠲᠡ ᠳᠤ ᠬᠢᠨᠠᠯᠲᠠ ᠲᠠᠯᠪᠢᠵᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠶᠤᠯ ᠦᠭᠡᠢ ᠦᠢᠯᠡᠳᠪᠦᠷᠢᠯᠡᠯ ᠤᠨ ᠠᠵᠢᠯ ᠳᠤ ᠴᠢᠬᠤᠯᠠ ᠪᠦᠬᠦᠢ ᠪᠠᠲᠤᠯᠠᠭ᠎ᠠ ᠣᠯᠭᠤᠬᠤ ᠬᠡᠷᠡᠭᠲᠡᠢ᠃ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠠᠵᠢᠯᠴᠢᠨ ᠤ ᠡᠪᠯᠡᠯ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠨᠤᠭᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠣᠯᠠᠨ ᠲᠦᠮᠡᠨᠴᠢ ᠴᠢᠨᠠᠷᠲᠠᠶ ᠠᠶᠤᠯ ᠥᠬᠡᠶ  ᠤᠶᠢᠯᠡᠳᠪᠦᠷᠢᠯᠡᠯ ᠤᠨ ᠤᠬᠠᠭᠤᠯᠭ᠎ᠠ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ ᠠᠵᠢᠯᠲᠠᠨ ᠠᠵᠢᠯᠴᠢᠨ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠠᠶᠤᠯ ᠥᠬᠡᠶ  ᠤᠶᠢᠯᠡᠳᠪᠦᠷᠢᠯᠡᠯ ᠤᠨ ᠠᠷᠠᠳᠴᠢᠯᠠᠯ ᠢᠶᠠᠷ ᠬᠠᠮᠢᠶᠠᠷᠴᠤ ᠬᠢᠨᠠᠯᠲᠠ ᠲᠠᠯᠪᠢᠬᠤ ᠳᠤ ᠣᠷᠣᠯᠴᠠᠭᠤᠯᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠶᠢ ᠠᠬᠢᠭᠤᠯᠤᠨ᠎ᠠ᠃    ᠳᠣᠯᠣᠳᠤᠭᠠᠷ ᠲᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠲᠠᠯ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠦᠷᠢᠮ ᠢ ᠲᠡᠭᠦᠯᠳᠡᠷᠵᠢᠭᠦᠯᠬᠦ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠶᠤᠯ ᠥᠬᠡᠶ ᠤᠶᠢᠯᠡᠳᠪᠦᠷᠢᠯᠡᠯ ᠤᠨ ᠬᠠᠤᠯᠢ ᠲᠦᠷᠢᠮ᠂ ᠪᠠᠶᠢᠭᠤᠯᠤᠯ᠂ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠶᠤᠯ ᠥᠬᠡᠶ ᠤᠶᠢᠯᠡᠳᠪᠦᠷᠢᠯᠡᠯ  ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠲᠦᠷᠢᠮ ᠤᠨ ᠡᠮᠬᠢᠳᠬᠡᠯ ᠢ ᠱᠠᠲᠤ ᠲᠥᠷᠥᠯ ᠬᠤᠪᠢᠶᠠᠨ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠠᠶᠤᠯ ᠥᠬᠡᠶ ᠤᠶᠢᠯᠡᠳᠪᠦᠷᠢᠯᠡᠯ ᠤᠨ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠠᠰᠠᠭᠤᠳᠠᠯ ᠤᠨ ᠳᠠᠯᠳᠠ ᠬᠡᠮ ᠤᠨ ᠡᠬᠡ ᠲᠠᠩᠰᠠ᠂ ᠰᠢᠯᠭᠠᠨ ᠬᠢᠨᠠᠵᠤ ᠮᠡᠳᠡᠭᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠬᠡᠷᠡᠭᠲᠡᠶ᠃ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠬᠢᠨᠠᠨ ᠬᠠᠮᠢᠶᠠᠷᠬᠤ ᠬᠠᠤᠯᠢ ᠬᠡᠷᠡᠭᠵᠢᠭᠦᠯᠬᠦ ᠠᠵᠢᠯᠲᠠᠨ᠂ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ ᠲᠤᠰᠬᠠᠶ ᠮᠡᠷᠭᠡᠵᠢᠯᠲᠡᠨ᠂ ᠮᠡᠷᠭᠡᠵᠢᠯ ᠤᠨ ᠪᠠᠶᠢᠴᠠᠭᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠳᠠᠪᠬᠤᠷ ᠤᠷᠢᠳᠴᠢᠯᠠᠨ ᠰᠡᠷᠭᠡᠶᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ︽ᠮᠠᠰᠢᠨᠴᠢᠯᠠᠬᠤ᠂ ᠠᠦ᠋ᠲ᠋ᠣᠴᠢᠯᠠᠬᠤ᠂ ᠤᠶᠤᠨᠴᠢᠯᠠᠬᠤ᠂ ᠮᠡᠳᠡᠭᠡ ᠵᠠᠩᠭᠢᠵᠢᠭᠤᠯᠬᠤ︾ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃    ᠨᠠᠢᠮᠠᠳᠤᠭᠠᠷ ᠲᠤ᠂ ᠠᠶᠤᠯᠭᠦᠶ ᠶᠢᠨ ᠠᠪᠤᠷᠠᠨ ᠲᠤᠰᠠᠯᠠᠬᠤ ᠲᠠᠯ᠎ᠠ ᠪᠠᠷ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠶᠤᠯ ᠥᠬᠡᠶ ᠤᠶᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠵᠢᠯ ᠪᠦᠷᠢ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠵᠤ᠂ ︽ᠲᠦᠭᠰᠢᠭᠦᠷᠢ ᠨᠢ ᠲᠣᠳᠣᠷᠬᠠᠶ᠂ ᠬᠠᠷᠢᠭᠤᠴᠠᠯᠭ᠎ᠠ ᠨᠢ ᠲᠣᠳᠣᠷᠬᠠᠶ᠂ ᠤᠷᠢᠳᠴᠢᠯᠠᠨ ᠰᠡᠷᠡᠮᠵᠢᠯᠡᠭᠦᠯᠬᠦ ᠨᠢ ᠡᠷᠲᠡ᠂ ᠳᠠᠭᠠᠬᠤ ᠳᠤ ᠲᠦᠷᠭᠡᠨ᠂ ᠡᠳ᠋ ᠪᠣᠳᠠᠰ ᠨᠢ  ᠭᠦᠢᠴᠡᠳ᠂ ᠡᠩᠨᠡᠭᠡ ᠨᠢ ᠴᠢᠩᠭ᠎ᠠ᠂ ᠵᠢᠵᠢᠭᠦᠷᠯᠡᠬᠦ ᠨᠢ ᠪᠣᠳᠠᠲᠠᠶ᠂ ᠮᠡᠳᠡᠭᠡ ᠵᠠᠩᠭᠢ ᠨᠢ ᠰᠠᠭᠠᠳ ᠥᠬᠡᠶ︾ ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠠᠳᠡᠯ ᠠᠴᠠ ᠠᠪᠤᠷᠠᠨ ᠲᠤᠰᠠᠯᠠᠵᠤ  ᠰᠢᠢᠳᠪᠦᠷᠢᠯᠡᠬᠦ ᠶᠢ ᠴᠢᠩᠭᠠᠳᠬᠠᠵᠤ᠂ ︽ᠵᠠᠯᠠᠨ ᠠᠶᠢᠯ ᠬᠤᠲᠠ ᠶᠢᠨ ᠪᠠᠶᠢᠭᠠᠯᠢ ᠶᠢᠨ ᠭᠠᠮᠰᠢᠭ ᠪᠠ ᠠᠳᠡᠯ ᠤᠨ ᠭᠠᠶ ᠭᠠᠮᠰᠢᠭ ᠢ ᠲᠠᠰ ᠬᠤᠪᠢᠶᠠᠨ ᠠᠷᠭᠠᠴᠠᠬᠤ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠨᠠᠶᠢᠳᠠᠪᠤᠷᠢᠵᠢᠭᠤᠯᠤᠨ᠂ ᠪᠠᠴᠢᠮ ᠪᠠᠶᠢᠳᠠᠯ ᠢ ᠠᠷᠭᠠᠴᠠᠬᠤ ᠶᠢ ᠴᠠᠭ ᠲᠤᠬᠠᠶ ᠳᠤᠨᠢ ᠡᠬᠢᠯᠡᠭᠦᠯᠵᠦ᠂ ᠠᠳᠡᠯ ᠤᠨ ᠮᠡᠳᠡᠭᠡ ᠵᠠᠩᠭᠢ ᠶᠢ ᠬᠠᠮᠤᠭ ᠲᠡᠷᠢᠭᠦᠨ ᠳᠤ ᠮᠡᠳᠡᠭᠦᠯᠵᠦ᠂ ᠰᠢᠷᠬᠠᠲᠤᠭᠰᠠᠳ ᠢ ᠪᠥᠬᠦ ᠬᠦᠴᠦᠨ ᠢᠶᠠᠷ ᠢᠶᠠᠨ ᠠᠪᠤᠷᠠᠨ ᠲᠤᠰᠠᠯᠠᠵᠤ᠂ ᠨᠡᠶᠢᠭᠡᠮ ᠤᠨ ᠠᠩᠬᠠᠷᠤᠯ ᠳᠤ ᠪᠦᠲᠦᠮᠵᠢᠲᠡᠶ ᠬᠠᠷᠢᠭᠤ ᠥᠭᠴᠦ᠂ ᠬᠤᠶᠢᠲᠤᠬᠢ ᠶᠠᠪᠤᠳᠠᠯ ᠢ ᠲᠣᠬᠢᠲᠠᠶ ᠰᠠᠶᠢᠲᠤᠷ ᠬᠢᠬᠦ ᠬᠡᠷᠡᠭᠲᠡᠶ᠃    ᠶᠢᠰᠦᠳᠦᠭᠡᠷ ᠲᠤ᠂ ᠰᠠᠶᠢᠰᠢᠶᠠᠨ ᠬᠥᠬᠢᠭᠦᠯᠬᠦ ᠲᠠᠯ᠎ᠠ ᠪᠠᠷ᠃ ᠡᠯ᠎ᠡ ᠭᠠᠵᠠᠷ ᠣᠷᠣᠨ᠂ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ᠂ ᠶᠡᠷᠦᠩᠬᠡᠶᠢᠯᠡᠭᠰᠡᠨ ᠰᠠᠯᠠᠭ᠎ᠠ ᠮᠥᠴᠢᠷ᠂ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠠᠶᠤᠯ ᠥᠬᠡᠶ ᠤᠶᠢᠯᠡᠳᠪᠦᠷᠢᠯᠡᠯ ᠤᠨ ᠠᠵᠢᠯ ᠢ ᠴᠢᠩᠭᠠᠳᠬᠠᠬᠤ᠂ ᠠᠶᠤᠯ ᠥᠬᠡᠶ ᠤᠶᠢᠯᠡᠳᠪᠦᠷᠢᠯᠡᠯ ᠤᠨ ᠲᠤᠰᠬᠠᠶ ᠵᠤᠶᠢᠯ ᠤᠨ ᠴᠢᠬᠤᠯᠠ ᠠᠵᠢᠯ ᠢ ᠡᠭᠦᠷᠭᠡᠯᠡᠬᠦ᠂ ᠠᠶᠤᠯ ᠠᠴᠠ ᠠᠪᠤᠷᠠᠵᠤ ᠠᠪᠤᠷᠠᠬᠤ ᠳᠤ ᠣᠷᠣᠯᠴᠠᠬᠤ ᠵᠡᠷᠭᠡ ᠲᠠᠯ᠎ᠠ ᠪᠠᠷ ᠢᠯᠡᠳᠲᠡ ᠠᠮᠵᠢᠯᠲᠠ ᠪᠦᠲᠦᠮᠵᠢ ᠭᠠᠷᠭᠠᠭᠰᠠᠨ ᠪᠠ ᠴᠢᠬᠤᠯᠠ ᠬᠤᠪᠢ ᠨᠡᠮᠡᠷᠢ ᠦᠵᠡᠭᠦᠯᠦᠭᠰᠡᠨ ᠠᠵᠢᠯᠲᠠᠨ ᠢ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠬᠦ ᠬᠡᠷᠡᠭᠲᠡᠶ᠃ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠢᠨᠠᠨ ᠰᠢᠯᠭᠠᠯᠲᠠ ᠳᠤ ᠰᠢᠯᠢᠳᠡᠭ ᠬᠢᠷᠢ ᠪᠦᠲᠦᠮᠵᠢ ᠲᠠᠢ ᠠᠵᠢᠯᠳᠠᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠪᠢᠶ᠎ᠠ ᠲᠡᠮᠳᠡᠭᠯᠡᠵᠦ ᠬᠥᠬᠢᠭᠦᠯᠦᠨ ᠱᠠᠩᠨᠠᠨ᠎ᠠ᠃    ᠠᠷᠪᠠᠳᠤᠭᠠᠷ ᠲᠤ᠂ ᠬᠠᠷᠢᠭᠤᠴᠠᠯᠭ᠎ᠠ ᠨᠡᠬᠡᠮᠵᠢᠯᠡᠬᠦ ᠲᠠᠯ᠎ᠠ ᠪᠠᠷ᠃ ᠠᠵᠢᠯ ᠤᠨ ᠳᠤᠮᠳᠠ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠠᠤᠯᠢ ᠲᠣᠭᠲᠠᠭᠠᠯ ᠰᠠᠬᠢᠯᠭ᠎ᠠ ᠪᠠᠲᠤ ᠶᠣᠰᠣᠭᠠᠷ ᠬᠤᠯᠪᠣᠭᠳᠠᠯ ᠪᠦᠬᠦᠢ ᠬᠥᠮᠦᠰ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ᠄ ︵1︶ ᠤᠳᠤᠷᠢᠳᠬᠤ ᠺᠠᠳ᠋ᠷ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠪᠤᠶᠤ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠳᠤ ᠭᠠᠷ ᠲᠦᠷᠦᠭᠦ ᠶᠢ ᠬᠠᠷᠰᠢᠯᠠᠭᠰᠠᠨ᠂ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠢ ᠤᠳᠠᠭᠠᠰᠢᠷᠠᠭᠤᠯᠤᠨ ᠮᠡᠳᠡᠭᠦᠯᠵᠦ ᠬᠤᠳᠠᠯ ᠢᠶᠠᠷ ᠮᠡᠳᠡᠭᠦᠯᠦᠭᠰᠡᠨ ᠪᠤᠶᠤ ᠮᠡᠳᠡᠭᠦᠯᠬᠦ ᠦᠭᠡᠢ ᠨᠢᠭᠤᠭᠠᠳ ᠤᠳᠤᠷᠢᠳᠬᠤ ᠬᠠᠷᠢᠭᠤᠴᠠᠯᠭ᠎ᠠ ᠲᠠᠢ ᠪᠠᠶᠢᠬᠤ︔ ︵2︶ ᠠᠶᠤᠯᠭᠦᠶ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠨ ᠠᠵᠢᠯᠳᠡᠠ᠂ ᠬᠠᠤᠯᠢ ᠳᠤ ᠲᠣᠭᠲᠠᠭᠠᠭᠰᠠᠨ ᠠᠶᠤᠯᠭᠦᠶ ᠦᠢᠯᠡᠳᠪᠦᠷᠢᠯᠡᠯ ᠤᠨ ᠨᠥᠬᠦᠴᠡᠯ ᠳᠤ ᠤᠢᠯᠦ ᠨᠡᠶᠢᠴᠡᠬᠦ ᠠᠶᠤᠯᠭᠦᠶ ᠦᠢᠯᠡᠳᠪᠦᠷᠢᠯᠡᠯ ᠳᠤ ᠬᠤᠯᠪᠣᠭᠳᠠᠬᠤ ᠶᠠᠪᠤᠳᠠᠯ ᠤᠳ ᠢ ᠵᠥᠪᠰᠢᠶᠡᠷᠡᠭᠰᠡᠨ ᠪᠤᠶᠤ ᠰᠢᠯᠭᠠᠨ ᠠᠪᠴᠤ ᠪᠠᠲᠤᠯᠠᠭᠰᠠᠨ︔ ᠬᠠᠤᠯᠢ ᠶᠣᠰᠣᠭᠠᠷ ᠵᠥᠪᠰᠢᠶᠡᠷᠡᠯ ᠣᠯᠤᠭᠰᠠᠨ ᠦᠭᠡᠢ᠂ ᠰᠢᠯᠭᠠᠨ ᠠᠪᠤᠭᠰᠠᠨ ᠦᠭᠡᠢ ᠨᠢᠭᠡᠴᠢ ᠶᠢᠨ ᠬᠤᠯᠪᠣᠭᠳᠠᠯ ᠪᠦᠬᠦᠢ ᠠᠵᠢᠯᠯᠠᠭ᠎ᠠ ᠶᠢ ᠳᠤᠷ᠎ᠠ ᠪᠠᠷ ᠢᠶᠠᠨ ᠬᠢᠭᠰᠡᠨ ᠢ ᠣᠯᠵᠤ ᠮᠡᠳᠡᠭᠰᠡᠨ ᠪᠤᠶᠤ ᠢᠯᠡᠴᠢᠯᠡᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ ᠴᠠᠭᠠᠵᠠᠯᠠᠭᠰᠠᠨ ᠦᠭᠡᠢ ᠪᠤᠶᠤ ᠬᠠᠤᠯᠢ ᠶᠣᠰᠣᠭᠠᠷ  ᠰᠢᠢᠳᠪᠦᠷᠢᠯᠡᠭᠰᠡᠨ ᠦᠭᠡᠢ︔ ᠨᠢᠭᠡᠨᠲᠡ ᠬᠠᠤᠯᠢ ᠶᠣᠰᠣᠭᠠᠷ ᠵᠥᠪᠰᠢᠶᠡᠷᠡᠯ ᠣᠯᠤᠭᠰᠠᠨ ᠨᠢᠭᠡᠴᠢ ᠶᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠤᠢᠭᠡᠢ᠂ ᠲᠡᠭᠦᠨ ᠤ ᠠᠶᠤᠯᠭᠦᠶ ᠦᠢᠯᠡᠳᠪᠦᠷᠢᠯᠡᠯ ᠤᠨ ᠨᠥᠬᠦᠴᠡᠯ ᠢ ᠪᠦᠷᠢᠳᠦᠭᠦᠯᠬᠦ ᠪᠠᠨ ᠪᠤᠯᠢᠬᠰᠡᠠ ᠢ ᠣᠯᠵᠤ ᠮᠡᠳᠡᠭᠡᠳ ᠤᠤᠯ ᠤᠨ ᠵᠥᠪᠰᠢᠶᠡᠷᠡᠯ ᠢᠶᠠᠨ ᠬᠦᠴᠦᠨ ᠤᠢᠭᠡᠢ ᠪᠣᠯᠭᠠᠬᠤ ᠤᠢᠭᠡᠢ ᠪᠤᠶᠤ ᠠᠶᠤᠯᠭᠦᠶ ᠦᠢᠯᠡᠳᠪᠦᠷᠢᠯᠡᠯ ᠤᠨ ᠬᠠᠤᠯᠢ ᠶᠢ ᠵᠥᠷᠢᠴᠡᠭᠰᠡᠨ ᠤᠢᠢᠯᠠ ᠠᠵᠢᠯᠯᠠᠭ᠎ᠠ ᠶᠢ ᠣᠯᠵᠤ ᠮᠡᠳᠡᠭᠡᠳ ᠪᠠᠶᠢᠴᠠᠭᠠᠨ ᠰᠢᠶ᠋ᠳᠪᠦᠷᠢᠯᠡᠭᠰᠡᠨ ᠤᠢᠭᠡᠢ︔ ᠬᠢᠨᠠᠯᠲᠠ ᠲᠠᠯᠪᠢᠵᠤ ᠪᠠᠶᠢᠴᠠᠭᠠᠬᠤ ᠶᠠᠪᠤᠴᠠ ᠳᠠᠭᠠᠨ ᠬᠦᠨᠳᠦ ᠶᠡᠭᠡ ᠡ᠊ᠨᠳᠡᠯ ᠤᠨ ᠲᠡᠯᠳᠠ ᠭᠡᠮ ᠢ ᠣᠯᠵᠤ ᠮᠡᠳᠡᠭᠡᠳ ᠬᠠᠤᠯᠢ ᠶᠣᠰᠣᠭᠠᠷ ᠴᠠᠭ ᠲᠤᠬᠠᠶ ᠳᠤᠨᠢ ᠰᠢᠶ᠋ᠳᠪᠦᠷᠢᠯᠡᠭᠰᠡᠨ ᠤᠢᠭᠡᠢ︔ ︵3︶ ᠬᠤᠯᠪᠣᠭᠳᠠᠯ ᠪᠦᠬᠦᠢ ᠠᠵᠢᠯᠳᠠᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤᠮᠳᠠ ᠬᠠᠷᠢᠭᠤᠴᠠᠯᠭ᠎ᠠ ᠪᠠᠨ ᠭᠦᠢᠴᠡᠳ ᠭᠦᠢᠴᠡᠳᠬᠡᠭᠰᠡᠨ ᠦᠭᠡᠢ᠂ ᠡᠰᠡᠬᠦᠯ᠎ᠡ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠵᠡᠷᠭᠡ ᠦᠢᠯᠡ ᠠᠵᠢᠯᠯᠠᠭ᠎ᠠ ᠲᠠᠢ ᠪᠠᠶᠢᠬᠤ᠃    ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠠᠶᠤᠯ ᠥᠬᠡᠶ ᠤᠶᠢᠯᠡᠳᠪᠦᠷᠢᠯᠡᠯ  ᠤᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠴᠢᠩᠭ᠎ᠠ  ᠭᠦᠢᠴᠡᠳᠭᠡᠵᠦ᠂ ᠲᠣᠰ ᠲᠣᠰ ᠤᠨ ᠡᠭᠦᠷᠭᠡ ᠲᠤᠰᠢᠶᠠᠯ ᠢᠶᠠᠨ  ᠭᠦᠢᠴᠡᠳᠭᠡᠨ᠂ ᠲᠣᠰ ᠲᠣᠰ ᠤᠨ ᠬᠠᠷᠢᠭᠤᠴᠠᠯᠭ᠎ᠠ ᠪᠠᠨ  ᠭᠦᠢᠴᠡᠳᠭᠡᠵᠤ᠂ ᠬᠠᠷᠢᠯᠴᠠᠨ ᠬᠠᠮᠵᠢᠯᠴᠠᠵᠤ᠂ ᠴᠤᠭᠭᠠᠷ ᠠᠳᠬᠤᠨ ᠬᠠᠮᠲᠤᠪᠠᠷ ᠬᠠᠮᠢᠶᠠᠷᠴᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠤᠨ᠂ ᠠᠶᠤᠯ ᠥᠬᠡᠶ  ᠤᠶᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠬᠡᠷᠡᠭᠲᠡᠶ᠃ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠠᠯᠠᠨ ᠠᠶᠢᠯ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠬᠢᠨᠠᠨ ᠰᠢᠯᠭᠠᠬᠤ ᠭᠤᠣᠯᠳᠠᠯᠭ᠎ᠠ ᠲᠠᠢ ᠠᠭᠤᠯᠭ᠎ᠠ ᠳᠤ ᠣᠷᠣᠭᠤᠯᠵᠤ᠂ ᠨᠠᠮ ᠵᠠᠰᠠᠭ ᠤᠨ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠠᠮᠵᠢᠯᠲᠠ ᠶᠢ ᠬᠢᠨᠠᠨ ᠰᠢᠯᠭᠠᠬᠤ ᠳᠤ ᠣᠷᠣᠭᠤᠯᠵᠤ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠭᠦᠢᠴᠡᠳᠬᠡᠬᠦ ᠴᠢᠬᠤᠯᠠ ᠠᠭᠤᠯᠭ᠎ᠠ ᠳᠤ ᠣᠷᠣᠭᠤᠯᠤᠨ᠎ᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠢ ᠳᠤ ᠭᠦᠢᠴᠡᠳᠬᠡᠭᠰᠡᠨ ᠦᠭᠡᠢ ᠪᠠᠶᠢᠪᠠᠯ᠂ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ